ᠡᠵᠡᠨ ᠬᠤᠷᠤᠭ᠎ᠠ ᠬᠤᠰᠢᠭᠤᠨ ᠤ ᠨᠢᠭᠡᠨ ᠵᠠᠮ ᠤᠨ ᠭᠡᠰᠡᠭ ᠲᠤ ᠬᠤᠷᠳᠤᠴᠠ ᠶᠢ ᠬᠡᠮᠵᠢᠬᠦ ᠲᠦᠬᠦᠭᠡᠷᠤᠮᠵᠢ ᠶᠢ ᠡᠬᠢᠯᠡᠨ ᠭᠡᠷᠡᠭᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/8/9
      ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠷᠢᠶᠠᠲᠤ ᠣᠷᠣᠨ ᠤ ᠠᠯᠳᠠᠨᠰᠢᠷᠡᠭᠡᠳᠤ ᠠᠴᠠ ᠳ᠋ᠠ ᠯᠢᠤ ᠲᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠤᠷᠤᠨ ᠵᠠᠢ ᠶᠢᠨ ᠬᠤᠭᠤᠷᠣᠨᠳᠣᠬᠢ ᠬᠤᠷᠳᠤᠴᠠ ᠶᠢ ᠬᠡᠮᠵᠢᠬᠦ ᠲᠥᠬᠦᠭᠡᠷᠦᠮᠵᠢ ᠶᠢ ᠡᠬᠢᠯᠡᠨ  ᠭᠡᠷᠡᠭᠯᠡᠬᠦ ᠪᠠᠷ ᠲᠤᠭᠳᠠᠵᠤ᠂ ᠬᠠᠮᠢᠶ᠎ᠠ ᠪᠦᠬᠦᠢ ᠲᠤᠨᠤᠭ ᠲᠥᠬᠦᠭᠡᠷᠦᠮᠵᠢ ᠶᠢᠨ ᠲᠡᠮᠳᠡᠭᠯᠡᠯ ᠳᠠᠬᠢ ᠬᠤᠷᠳᠤᠴᠠ ᠠᠴᠠ ᠬᠡᠲᠦᠷᠡᠭᠰᠡᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠭᠡᠬᠦ ᠪᠠᠷ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠠᠴᠠ ᠳ᠋ᠠ ᠯᠢᠤ ᠲᠠ ᠬᠦᠷᠬᠦ ᠱᠤᠭᠤᠮ ᠤᠨ 41 ᠺᠢᠯᠣᠮᠧᠲᠷ ᠠᠴᠠ ᠠᠯᠳᠠᠨᠰᠢᠷᠡᠭᠡᠳᠤ ᠠᠴᠠ ᠳ᠋ᠠ ᠯᠢᠤ ᠲᠠ ᠬᠦᠷᠬᠦ ᠱᠤᠭᠤᠮ ᠤᠨ 34 ᠺᠢᠯᠣᠮᠧᠲᠷ + 408 ᠮᠧᠲᠷ ︵ᠡᠮᠦᠨ᠎ᠡ ᠠᠴᠠ ᠤᠮᠠᠷᠠᠰᠢ ᠴᠢᠭᠯᠡᠯ︶᠎ ᠤᠨ ᠬᠤᠭᠤᠷᠣᠨᠳᠣᠬᠢ ᠬᠤᠷᠳᠤᠴᠠ ᠶᠢ ᠬᠡᠮᠵᠢᠵᠦ᠂ ᠬᠤᠷᠳᠤᠴᠠ ᠶᠢ 100 ᠺᠢᠯᠣᠮᠧᠲᠷ \ ᠴᠠᠭ ︵ᠳᠤᠮᠳᠠ᠂ ᠬᠦᠨᠳᠦ ᠬᠡᠯᠪᠡᠷᠢ ᠶᠢᠨ ᠪᠠᠷᠠᠭᠠᠨ ᠤ ᠲᠡᠷᠭᠡ ᠶᠢᠨ ᠬᠤᠷᠳᠤᠴᠠ ᠶᠢ 70 ᠺᠢᠯᠣᠮᠧᠲᠷ \ ᠴᠠᠭ ᠢᠶᠠᠷ ᠬᠢᠵᠠᠭᠠᠷᠯᠠᠨ᠎ᠠ︶᠎ ᠎ ᠎ ᠢᠶᠠᠷ ᠬᠢᠵᠠᠭᠠᠷᠯᠠᠬᠤ ᠶᠢ 2024 ᠣᠨ ᠤ 3 ᠳ᠋ᠤᠭᠠᠷ ᠰᠠᠷ᠎ᠠ ᠶᠢᠨ 30᠎ ᠤ ᠡᠳᠦᠷ ᠤᠨ 0 ᠴᠠᠭ ᠠᠴᠠ ᠡᠬᠢᠯᠡᠨ ᠵᠢᠩᠬᠢᠨᠢ ᠪᠠᠷ ᠬᠡᠷᠡᠭᠯᠡᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠶᠢ ᠪᠥᠬᠦ ᠡᠳᠦᠷ ᠢᠶᠠᠷ ᠢᠶᠠᠨ ᠠᠦ᠋ᠲ᠋ᠣ᠋ ᠪᠠᠷ ᠲᠡᠮᠳᠡᠭᠯᠡᠨ᠎ᠡ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ