ᠠᠳᠠᠯᠢ ᠪᠤᠰᠤ ᠬᠦᠮᠦᠰ ᠤᠨ ᠡᠮᠴᠢᠯᠡᠭᠡᠨ ᠤ ᠳᠠᠭᠠᠳᠬᠠᠯ ᠶᠡᠭᠡ ᠬᠤᠪᠢᠷᠠᠯᠲᠠ ᠲᠠᠢ ᠪᠣᠯᠬᠤ ᠪᠣᠯᠤᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠪᠢᠴᠢᠭ ᠲᠠᠷᠬᠠᠭᠠᠪᠠ
ᠨᠡᠶᠢᠲᠡᠯᠡᠭᠰᠡᠨ ᠴᠠᠭ᠄
2024/8/9
       ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠶᠠᠮᠠᠷ ᠶᠠᠮᠠᠷ ᠬᠦᠮᠦᠰ ᠤᠨ ᠳᠠᠭᠠᠳᠬᠠᠯ ᠎ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠣᠢ︖ ᠮᠠᠨ ᠤ ᠤᠯᠤᠰ ᠤᠨ ᠠᠩᠬᠠᠳᠠᠭᠴᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠡᠷᠬᠢᠨ ᠠᠵᠢᠯᠯᠠᠭᠤᠯᠬᠤ ᠪᠣᠶ︖ ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ᠃      ᠡᠲᠡᠬᠡᠷ ᠬᠦᠮᠦᠰ ᠲᠠᠭᠠᠳᠬᠠᠯ ᠳᠤ ᠣᠷᠣᠯᠴᠠᠨ ᠡᠪᠡᠳᠴᠢᠨ ᠦᠵᠡᠭᠦᠯᠬᠦ ᠳᠤ ᠨᠡᠩ ᠲᠦᠭᠦᠮ ᠪᠣᠯᠬᠤ ᠪᠣᠯᠣᠨ᠎ᠠ      ᠰᠠᠶ᠋ᠢ ᠲᠦᠷᠦᠭᠰᠡᠨ ᠬᠡᠤᠬᠡᠳ      ᠲᠥᠷᠥᠯᠲᠡ ᠶᠢᠨ ᠠᠨᠠᠭᠠᠬᠤ ᠤᠬᠠᠭᠠᠨ ᠤ ᠭᠡᠷᠡᠴᠢ᠂ ᠡᠷᠦᠬᠡ ᠠᠮᠠ ᠶᠢᠨ ᠳᠡᠩᠰᠡᠯᠡᠯᠲᠡ᠂ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠤᠶᠤᠴᠢᠯᠠᠨ ᠠᠪᠬᠤ ᠵᠡᠷᠭᠡ ︽ᠲᠦᠷᠦᠯᠲᠡ ᠶᠢᠨ ᠨᠢᠭᠡ ᠶᠠᠪᠤᠳᠠᠯ︾᠎ ᠢ ᠨᠡᠶᠢᠯᠡᠭᠦᠯᠦᠨ ᠭᠦᠢᠴᠡᠳᠬᠡᠬᠦ ᠶᠢ ᠠᠬᠢᠭᠤᠯᠤᠨ ᠨᠠᠶᠢᠳᠠᠪᠤᠷᠢᠵᠢᠭᠤᠯᠵᠤ᠂ ᠭᠠᠷᠳᠠᠮ ᠢ ᠳᠥᠭᠦᠮᠴᠢᠯᠡᠵᠦ᠂ ᠳᠠᠷᠠᠭᠠᠯᠠᠯ ᠢ ᠰᠢᠯᠢᠳᠡᠭᠵᠢᠭᠦᠯᠦᠨ᠂ ᠬᠠᠷᠠᠭᠠᠯᠵᠠᠨ ᠬᠠᠮᠠᠭᠠᠯᠠᠭᠴᠢ ᠠᠴᠠ ᠰᠠᠶ᠋ᠢ ᠲᠦᠷᠦᠭᠰᠡᠨ ᠬᠡᠦᠬᠡᠳ ᠤᠨ ᠲᠥᠷᠥᠭᠰᠡᠨ ᠲᠤᠬᠠᠶ ᠶᠢᠨ ᠵᠢᠯ ᠳᠤ ᠨᠢ ᠳᠠᠭᠠᠳᠬᠠᠯ ᠳᠤ ᠣᠷᠤᠯᠴᠠᠭᠤᠯᠬᠤ ᠶᠢ ᠠᠬᠢᠭᠤᠯᠤᠨ᠎ᠠ᠃      ᠨᠠᠰᠤᠨ ᠳᠤ ᠦᠯᠦ ᠬᠦᠷᠦᠭᠰᠡᠳ      ᠣᠨᠴᠠ ᠶᠡᠭᠡ ᠬᠤᠲᠠ᠂ ᠬᠡᠲᠦ ᠶᠡᠭᠡ ᠬᠤᠲᠠᠳ ᠣᠷᠣᠰᠢᠨ ᠰᠠᠭᠤᠷᠢᠰᠢᠬᠤ ᠦᠨᠡᠮᠯᠡᠯ ᠢᠶᠠᠷ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠭᠠᠳᠠᠷ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠳᠤᠮᠳᠠᠳᠤ ᠪᠠᠭ᠎ᠠ ᠰᠤᠷᠭᠠᠭᠤᠯᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠳ ᠢ ᠪᠠᠶᠢᠩᠭᠤ ᠰᠠᠭᠤᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠶᠢ ᠲᠦᠯᠬᠢᠨ ᠠᠬᠢᠭᠤᠯᠤᠨ᠎ᠠ᠃      ᠣᠶᠣᠲᠠᠳ      ᠤᠶᠤᠲᠠᠳ ᠤᠨ ᠰᠤᠷᠭᠠᠭᠤᠯᠢ ᠳᠤ ᠪᠠᠶᠢᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠳᠠᠭᠠᠳᠬᠠᠯ ᠳᠤ ᠣᠷᠣᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠶᠤᠲᠠᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠠᠳᠬᠤᠨ᠎ᠠ᠃      ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ      ᠬᠡᠲᠦ ᠶᠡᠭᠡ ᠬᠤᠲᠠᠳ ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠣᠯᠤᠭᠰᠠᠨ ᠭᠠᠵᠠᠷ ᠲᠤ ᠨᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠤᠯᠬᠤ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠶ ᠪᠣᠯᠭᠠᠵᠤ᠂ ᠠᠵᠢᠯ ᠣᠯᠤᠭᠰᠠᠨ ᠭᠠᠵᠠᠷ ᠲᠤ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠠᠵᠢᠯ ᠢ ᠰᠠᠶᠢᠲᠤᠷ ᠬᠢᠨ᠎ᠡ᠃      ᠠᠵᠢᠯ ᠣᠯᠭᠤᠯᠲᠠ ᠶᠢᠨ ᠬᠡᠯᠪᠡᠷᠢ ᠮᠠᠶ᠋ᠢᠭ ᠤᠨ ᠣᠯᠠᠨ ᠶᠠᠩᠵᠤᠴᠢᠯᠠᠬᠤ ᠳᠤ ᠵᠣᠬᠢᠴᠠᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠭᠤᠯᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠰᠤᠳᠤᠯᠤᠨ ᠲᠡᠭᠦᠯᠳᠡᠷᠵᠢᠭᠦᠯᠦᠨ᠎ᠡ᠃      ᠬᠦᠳᠡᠭᠡ ᠲᠤᠰᠬᠤᠨ ᠤ ᠰᠠᠭᠤᠭᠠᠯᠢ ᠠᠷᠠᠳ      ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠮᠥᠷᠲᠡᠭᠡᠨ ᠨᠥᠬᠦᠴᠡᠯ ᠳᠤ ᠨᠡᠶᠢᠴᠡᠭᠰᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠬᠤ ᠬᠡᠪᠴᠢᠶᠡᠨ ᠳᠤ ᠣᠷᠣᠭᠤᠯᠵᠤ᠂ ᠴᠠᠭ ᠲᠤᠬᠠᠶ ᠳᠤ ᠨᠢ ᠳ᠋ᠦᠩᠨᠡᠨ ᠪᠣᠳᠣᠬᠤ ᠶᠢ ᠲᠦᠯᠬᠢᠨ ᠠᠬᠢᠭᠤᠯᠤᠨ᠎ᠠ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠵᠦᠶ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠳᠦᠭᠦᠮᠯᠡᠵᠦ᠂ ᠱᠠᠲᠤ ᠬᠤᠪᠢᠶᠠᠨ ᠣᠨᠣᠰᠢᠯᠠᠨ ᠡᠮᠨᠡᠭᠦᠯᠬᠦ ᠎ ᠶᠢ ᠨᠠᠩ ᠰᠠᠶᠢᠲᠤᠷ ᠠᠬᠢᠭᠤᠯᠤᠨ᠎ᠠ᠃      ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠰᠠᠶᠢᠨ ᠴᠢᠮᠡᠭᠡ ᠪᠠᠶᠢᠨ᠎ᠠ        ᠠᠵᠢᠯᠲᠠᠨ ᠠᠵᠢᠯᠴᠢᠨ      ᠠᠵᠢᠯᠲᠠᠨ ᠠᠵᠢᠯᠴᠢᠨ ᠤ ᠡᠮᠴᠢᠯᠡᠭᠡᠨ ᠤ ᠲᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠭᠡ ᠳᠠᠬᠢ ᠵᠣᠭᠤᠰ ᠢᠶᠠᠷ ᠳᠠᠭᠠᠳᠬᠠᠯ ᠳᠤ ᠣᠷᠣᠯᠴᠠᠭᠰᠠᠳ ᠤᠨ ᠲᠦᠷᠦᠯ ᠰᠠᠳᠤᠨ ᠤ ᠰᠠᠭᠤᠭᠠᠯᠢ ᠠᠷᠡᠳ ᠤᠨ ᠡᠮᠴᠢᠯᠡᠭᠡᠨ ᠤ ᠲᠠᠭᠠᠳᠬᠠᠯ ᠳᠤ ᠣᠷᠣᠯᠴᠬᠠᠰᠠᠨ ᠬᠤᠪᠢ ᠬᠦᠮᠦᠨ ᠰᠦᠢᠳᠭᠡᠯ ᠲᠣᠰᠢᠶ᠋ᠬᠠᠥ ᠵᠢᠴᠢ ᠨᠢᠭᠡᠨᠳᠡ ᠲᠠᠭᠠᠳᠬᠠᠯ ᠳᠤ ᠣᠷᠣᠯᠴᠬᠠᠰᠠᠨ ᠳᠥᠷᠦᠯ ᠰᠠᠳᠣᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠥᠮᠵᠢ ᠳᠤ ᠡᠪᠡᠳᠴᠢᠨ ᠦᠵᠡᠭᠦᠯᠬᠦ ᠡᠮ ᠬᠤᠳᠠᠯᠳᠣᠨ ᠠᠪᠬᠤ ᠳᠤ ᠬᠤᠪᠢ ᠬᠦᠮᠦᠨ ᠤ ᠥᠪᠡᠰᠦᠪᠡᠨ ᠲᠤᠭᠠᠴᠠᠭ᠎ᠠ ᠬᠢᠬᠦ ᠡᠮᠴᠢᠯᠡᠭᠡᠨ ᠤ ᠵᠠᠷᠣᠳᠡᠯ ᠢ ᠨᠢ ᠲᠣᠰᠢᠶᠡᠬᠤ ᠶᠢ ᠳᠡᠮᠵᠢᠨ᠎ᠠ᠃      ᠠᠵᠢᠯ ᠠᠯᠳᠠᠭᠰᠠᠳ      ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠦᠯᠦᠪᠦᠷᠢᠯᠡᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶᠎ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠠᠢ ᠠᠳᠠᠯᠢ ᠲᠡᠭᠰᠢ ᠪᠠᠷ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠦᠨᠡᠨ ᠬᠦ ᠪᠠᠲᠤᠯᠠᠨ᠎ᠠ᠃      ᠬᠦᠴᠢᠷᠳᠡᠯᠲᠡᠢ ᠣᠯᠠᠨ ᠲᠦᠮᠡᠨ      ᠤᠨᠴᠠ ᠭᠦᠴᠢᠷᠳᠡᠯᠳᠡᠢ ᠭᠦᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠭᠦᠮᠦᠰ᠂ ᠨᠦᠭᠦᠴᠡᠯ ᠳᠤ ᠨᠡᠶᠢᠴᠡᠭᠰᠡᠨ ᠳᠠᠬᠢᠨᠲᠠ ᠶᠠᠳᠠᠭᠤᠷᠠᠬᠤ ᠶᠢ ᠰᠡᠷᠬᠡᠶᠢᠯᠡᠬᠦ ᠬᠢᠨᠠᠨ ᠰᠢᠨᠵᠢᠬᠦ ᠡᠳᠡᠬᠡᠳ ᠵᠡᠷᠬᠡ ᠭᠦᠴᠢᠷᠳᠡᠯᠳᠡᠢ ᠤᠯᠠᠨ ᠲᠦᠮᠡᠨ ᠤ ᠲᠠᠭᠠᠳᠬᠠᠯ ᠳᠤ ᠤᠷᠤᠯᠴᠠᠬᠤ ᠶᠢ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠲᠦᠷᠦᠯ ᠬᠤᠪᠢᠶᠠᠨ ᠲᠤᠰᠠᠯᠠᠨ᠎ᠠ᠃      ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠳ᠂ ᠲᠠᠩᠰᠠ ᠥᠯᠥ ᠲᠠᠶᠢᠯᠤᠭᠰᠠᠳ      ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠭᠰᠠᠳ᠂ ᠲᠠᠪᠤᠳᠤᠭᠠᠷ ᠵᠢᠯ ᠠᠴᠠ ᠨᠢ ᠡᠬᠢᠯᠡᠵᠦ ᠢᠯᠡᠭᠦᠦ 1 ᠵᠢᠯ ᠳᠠᠭᠠᠳᠬᠠᠯ ᠳᠤ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃      ᠲᠣᠰ ᠵᠢᠯ ᠤᠨ ᠰᠠᠭᠤᠷᠢ ᠮᠥᠩᠭᠦᠨ ᠠᠴᠠ ᠳᠠᠩᠰᠠ ᠥᠯᠥ ᠲᠠᠶᠢᠯᠤᠭᠰᠠᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠷᠠᠭ᠎ᠠ ᠵᠢᠯ ᠳᠤ ᠨᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠳᠡᠭᠡᠭᠰᠢᠯᠡᠭᠦᠯᠵᠦ ᠪᠣᠯᠤᠨ᠎ᠠ᠃      ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠢ ᠤᠷᠮᠠᠰᠢᠭᠤᠯᠬᠤ ᠪᠠ ᠳᠠᠩᠰᠠ ᠥᠯᠥ ᠲᠠᠶᠢᠯᠤᠭᠰᠠᠳ ᠢ ᠤᠷᠮᠠᠰᠢᠭᠤᠯᠵᠤ᠂ ᠵᠠᠷᠴᠢᠮ ᠳᠡᠭᠡᠷ᠎ᠡ ᠪᠠᠨ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠳᠤ ᠤᠳᠠᠭ᠎ᠠ ᠪᠦᠷᠢ 1000 ᠲᠥᠭᠦᠷᠢᠭ ᠠᠴᠠ ᠳᠣᠣᠷ᠎ᠠ ᠥᠬᠡᠶ ᠪᠠᠶᠢᠯᠭᠠᠵᠤ᠂ ᠤᠳᠠᠭ᠎ᠠ ᠪᠦᠷᠢ ᠶᠢᠨ ᠳᠡᠭᠡᠭᠰᠢᠯᠡᠭᠦᠯᠦᠭᠰᠡᠨ ᠶᠡᠷᠦᠩᠬᠡᠶ ᠲᠤᠭ᠎ᠠ ᠶᠢ ᠤᠤᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠦᠨᠳᠦ ᠡᠪᠡᠳᠴᠢᠨ ᠤ ᠳᠠᠭᠠᠳᠬᠠᠯ ᠤᠨ ᠤᠤᠯ ᠤᠨ ᠬᠢᠵᠠᠭᠠᠷᠯᠠᠬᠤ ᠱᠤᠭᠤᠮ ᠤᠨ 20%᠎ ᠠᠴᠠ ᠬᠡᠲᠦᠷᠡᠭᠦᠯᠬᠦ ᠥᠬᠡᠶ᠃ ᠰᠠᠭᠤᠭᠠᠯᠢ ᠠᠷᠠᠳ ᠬᠦᠨᠳᠦ ᠡᠪᠡᠳᠴᠢᠨ ᠤ ᠰᠦᠢᠳᠭᠡᠯ ᠢᠶᠠᠨ ᠳᠠᠩᠰᠠ ᠠᠴᠠ ᠲᠠᠶᠢᠯᠤᠭᠰᠠᠨ ᠤ ᠬᠠᠮᠲᠤ ᠬᠥᠬᠢᠭᠦᠯᠦᠨ ᠱᠠᠩᠨᠠᠬᠤ ᠲᠤᠭ᠎ᠠ ᠬᠡᠮᠵᠢᠶ᠎ᠡ ᠶᠢ ᠬᠡᠷᠡᠭᠯᠡᠭᠰᠡᠨ ᠤ ᠳᠠᠷᠠᠭ᠎ᠠ᠂ ᠡᠮᠦᠨᠡᠬᠢ ᠬᠤᠭᠤᠴᠠᠭᠠᠨ ᠳᠤ ᠨᠢᠭᠡᠨᠲᠡ ᠬᠤᠷᠠᠮᠳᠤᠭᠤᠯᠤᠭᠰᠠᠨ ᠲᠠᠩᠰᠠ ᠥᠯᠥ ᠲᠠᠶᠢᠯᠤᠭᠰᠠᠳ ᠢ ᠤᠷᠮᠠᠰᠢᠭᠤᠯᠬᠤ ᠲᠤᠭ᠎ᠠ ᠬᠡᠮᠵᠢᠶ᠎ᠡ ᠶᠢ ᠨᠢ ᠪᠤᠴᠠᠭᠠᠭᠠᠳ ᠲᠡᠭ ᠪᠣᠯᠭᠠᠨ᠎ᠠ᠃      ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠬᠤᠪᠢᠷᠠᠯᠲᠠ ᠭᠠᠷᠴᠠᠢ      ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠳ᠂ ᠴᠠᠭ ᠲᠤ ᠪᠠᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ      2025 ᠣᠨ ᠠᠴᠠ ᠡᠬᠢᠯᠡᠨ᠂ ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠪᠠᠭᠤᠷᠠᠭᠤᠯᠵᠤ ᠪᠣᠯᠤᠨ᠎ᠠ᠃      ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠤᠯᠴᠠᠪᠠᠯ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠣᠨ ᠤ ᠲᠤᠭ᠎ᠠ ᠶᠢ ᠳᠠᠬᠢᠵᠤ ᠰᠢᠨ᠎ᠡ ᠪᠠᠷ ᠪᠣᠳᠣᠨ᠎ᠠ᠃ ᠪᠣᠳᠠᠲᠠᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠯ᠎ᠡ ᠮᠤᠵᠢ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃      2025 ᠣᠨ ᠠᠴᠠ ᠡᠬᠢᠯᠡᠨ᠂ ᠰᠠᠶ᠋ᠢ ᠲᠥᠷᠥᠭᠰᠡᠨ ᠬᠡᠤᠬᠡᠳ ᠵᠡᠷᠭᠡ ᠣᠨᠴᠠᠭᠠᠶ ᠬᠥᠮᠦᠰ ᠠᠴᠠ ᠭᠠᠳᠠᠨ᠎ᠠ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠲᠥᠪᠯᠡᠷᠡᠭᠦᠯᠦᠨ ᠣᠷᠣᠯᠴᠠᠵᠤ ᠪᠠᠶᠢᠭ᠎ᠠ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠤᠨ ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 3 ᠰᠠᠷ᠎ᠠ ᠪᠠᠷ ᠲᠣᠬᠢᠷᠠᠭᠤᠯᠤᠨ᠎ᠠ︔ ᠡᠭᠦᠨ ᠳᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠦᠭᠡᠢ ᠪᠣᠯ ᠳᠠᠭᠠᠳᠬᠠᠯ ᠢ ᠢᠯᠡᠭᠦᠦ 1 ᠵᠢᠯ ᠲᠠᠰᠤᠯᠳᠠᠭᠤᠯᠬᠤ ᠪᠣᠯᠭᠠᠨ ᠵᠠᠷᠴᠢᠮ ᠳᠡᠭᠡᠷ᠎ᠡ ᠪᠠᠨ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ ᠰᠦᠢᠳᠬᠡᠯ ᠲᠤᠰᠢᠶᠠᠬᠤ ᠪᠠᠷ ᠳᠠᠮᠵᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠵᠠᠰᠠᠨ ᠰᠡᠷᠭᠦᠭᠡᠵᠦ᠂ ᠢᠯᠡᠭᠦᠦ 1 ᠵᠢᠯ ᠲᠤᠰᠢᠶᠠᠬᠤ ᠪᠦᠷᠢ ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠪᠤᠭᠤᠨᠢᠰᠬᠠᠨ᠂ 4 ᠵᠢᠯ ᠵᠢᠴᠢ ᠲᠡᠭᠦᠨ ᠠᠴᠠ ᠳᠡᠭᠡᠭᠰᠢ ᠵᠠᠯᠭᠠᠭ᠎ᠠ ᠪᠠᠷ ᠲᠠᠰᠤᠯᠳᠠᠭᠤᠯᠤᠭᠰᠠᠨ ᠪᠣᠯ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠭᠠᠷᠣᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠲᠤᠰᠢᠶᠠᠬᠤ ᠰᠦᠢᠳᠬᠡᠯ ᠢ ᠲᠤᠰ ᠵᠢᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃ ᠬᠦᠯᠢᠶᠡᠬᠦ ᠬᠤᠭᠤᠴᠠᠭᠠᠨ ᠤ ᠪᠣᠳᠠᠲᠠᠢ ᠪᠠᠷᠢᠮᠵᠢᠶ᠎ᠠ ᠶᠢ ᠡᠯ᠎ᠡ ᠮᠤᠵᠢ ᠥᠪᠡᠷᠰᠡᠳ ᠤᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ