| ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠰᠲ᠋ᠧᠮ ᠲᠠᠢ | ᠪᠠᠶᠢᠷᠢᠯᠠᠭᠤᠯᠤᠯᠲᠠ ᠬᠢᠵᠦ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ | ᠭᠡᠵᠦ ᠳᠥᠭᠦᠮᠴᠢᠯᠡᠨ᠎ᠡ︶ ᠢ ᠬᠢᠨᠠᠨ ᠵᠥᠪᠯᠡᠵᠦ ᠪᠠᠲᠤᠯᠠᠭᠰᠠᠨ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ | ᠤᠯᠤᠰ ᠲᠦᠷᠦ ᠶᠢᠨ ᠡᠭᠦᠷᠭᠡ ᠮᠥᠨ᠃ ᠪᠢᠳᠡ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠵᠤ᠂ ᠡᠯ᠎ᠡ ᠲᠠᠯ᠎ᠠ ᠶᠢᠨ ᠬᠥᠳᠡᠯᠭᠡᠭᠴᠢ ᠬᠦᠴᠦᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠡᠬᠡ ᠤᠯᠤᠰ ᠤᠨ ᠤᠮᠠᠷᠠᠲᠤ ᠶᠢᠨ ᠨᠠᠩ ᠦᠵᠡᠰᠬᠦᠯᠡᠩᠲᠦ ᠰᠠᠶᠢᠬᠠᠨ ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠨᠢᠷ ᠰᠠᠶᠢᠬᠠᠨ ᠦᠵᠡᠮᠵᠢ ᠳᠤ ᠥᠩᠭᠡ ᠭᠠᠯᠪᠢᠷ ᠨᠡᠮᠡᠷᠢᠯᠡᠬᠦ ᠪᠣᠯᠣᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠪᠠᠨ ᠦᠨᠡᠨ ᠬᠦ ᠨᠢᠭᠡᠳᠬᠡᠨ᠎ᠡ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ | ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠴᠢᠭᠯᠡᠯ ᠢᠶᠠᠨ ᠲᠣᠳᠣᠷᠬᠠᠶᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠪᠡᠶ᠎ᠡ ᠪᠠᠷ ᠢᠶᠠᠨ ᠤᠳᠤᠷᠢᠳᠴᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠵᠤ᠂ ᠶᠠᠭᠤᠨ ᠳᠤ ᠥᠭᠡᠷᠡᠴᠢᠯᠡᠬᠦ᠂ ᠶᠠᠭᠤ ᠶᠢ ᠥᠭᠡᠷᠡᠴᠢᠯᠡᠬᠦ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ ᠶᠡᠭᠡ | ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠬᠥᠲᠥᠯᠥᠨ ᠵᠢᠯᠤᠭᠤᠳᠴᠤ ᠪᠠᠶᠢᠭᠠᠳ ᠲᠡᠦᠬᠡᠲᠦ ᠴᠢᠨᠠᠷᠲᠠᠢ᠂ ᠬᠤᠪᠢᠰᠬᠠᠯᠲᠤ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ | ᠣᠯᠣᠭᠰᠠᠨ ᠢᠶᠠᠷ ᠪᠠᠷᠠᠬᠤ ᠦᠭᠡᠢ᠂ ᠪᠠᠰᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ | ᠬᠠᠩᠭᠠᠭᠰᠠᠨ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ | ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ | ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ | ᠡᠷᠭᠢᠯᠡᠭᠦ ᠭᠦᠨᠵᠡᠭᠡᠢ ᠦᠵᠡᠯ ᠰᠠᠨᠠᠭ᠎ᠠ ᠪᠣᠯᠣᠨ ᠠᠭᠤᠤ ᠶᠡᠭᠡ ᠦᠢᠯᠡᠳᠦᠯᠭᠡ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠨᠠᠩ | ᠤᠬᠠᠮᠰᠠᠷ ᠠᠴᠠ ᠪᠠᠨ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ | ᠥᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠤᠨ᠎ᠠ᠃ | ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠬᠤ ᠳᠤᠮᠳᠠ ᠤᠬᠠᠮᠰᠠᠷ ᠢᠶᠠᠨ ᠴᠢᠩᠭᠠᠳᠬᠠᠨ᠎ᠠ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠢᠷᠤᠭ ᠲᠥᠯᠥᠪᠯᠡᠭᠡ ᠶᠢ | ᠶᠡᠷᠦᠩᠬᠡᠢ ᠳᠤᠨᠢ ᠵᠢᠷᠤᠭᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠠ ᠬᠤᠷᠠᠯ ᠠᠴᠠ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠠᠶᠢᠷᠢᠯᠠᠭᠤᠯᠤᠭᠰᠠᠨ ᠤ ᠲᠠᠷᠠᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ | ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠬᠦ ᠪᠠ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠴᠢᠬᠤᠯᠠ ᠶᠡᠭᠡ ᠪᠠᠶᠢᠷᠢᠯᠠᠭᠤᠯᠤᠯᠲᠠ ᠨᠢ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ | ᠣᠳᠣᠬᠢᠴᠢᠯᠠᠯᠲᠠ ᠶᠢᠨ ᠶᠡᠭᠡ ᠲᠠᠯ᠎ᠠ ᠶᠢ ᠪᠠᠶᠢᠷᠢᠯᠠᠭᠤᠯᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ | ᠪᠠᠶᠢᠬᠤ ᠶᠢᠨ ᠰᠠᠭᠤᠷᠢ ᠶᠢ ᠴᠣᠭᠴᠠᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ᠂ ᠳᠠᠬᠢᠨᠲᠠ ᠭᠡᠷᠡᠯ ᠰᠠᠴᠤᠷᠠᠩᠭᠤᠢ | ᠠᠮᠵᠢᠯᠲᠠ ᠣᠯᠬᠤ ᠶᠢ ᠠᠬᠢᠭᠤᠯᠬᠤ ᠨᠢ ᠯᠠᠪᠲᠠᠢ ᠶᠤᠮ᠃ ᠪᠢᠳᠡ ᠵᠠᠪᠠᠯ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠭᠦ ᠲᠠᠯ᠎ᠠ ᠶᠢᠨ ᠥᠨᠳᠥᠷᠴᠡ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ ᠡᠵᠡᠮᠰᠢᠨ᠂ ︽ᠲᠣᠭᠲᠠᠭᠠᠯ︾ | ᠳᠤ ᠳᠤᠷᠠᠳᠤᠭᠰᠠᠨ ︽ᠵᠢᠷᠭᠤᠭᠠᠨ ᠵᠠᠶᠢᠯᠠᠰᠢ ᠦᠭᠡᠢ ᠱᠠᠭᠠᠷᠳᠠᠯᠭ᠎ᠠ︾ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ︽ᠳᠦᠷᠪᠡᠨ ᠲᠤᠯᠭᠠᠮ | ᠱᠠᠭᠠᠷᠳᠠᠯᠭ᠎ᠠ︾ ᠶᠢ ᠭᠦᠨᠵᠡᠭᠡᠢ ᠣᠶᠢᠯᠠᠭᠠᠵᠤ᠂ ︽ᠶᠠᠭᠤᠨ ᠳᠤ ᠥᠭᠡᠷᠡᠴᠢᠯᠡᠯᠲᠡ ᠬᠢᠬᠦ︾ ᠲᠠᠯ᠎ᠠ ᠪᠠᠷ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠰᠢᠬᠦ ᠳᠤᠮᠳᠠ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ | ︽ᠲᠣᠭᠲᠠᠭᠠᠯ︾ ᠨᠢ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠳᠤᠷᠠᠳᠴᠤ᠂ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠴᠢᠬᠤᠯᠠ ᠵᠢᠷᠤᠮᠯᠠᠯ ᠬᠠᠩᠭᠠᠪᠠ᠃ ︽ᠲᠣᠭᠲᠠᠭᠠᠯ︾ ᠳᠤ ᠳᠤᠷᠠᠳᠤᠭᠰᠠᠨ 300 ᠭᠠᠷᠤᠢ ᠵᠦᠢᠯ ᠤᠨ | ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠲᠠᠢ ᠣᠷᠭᠠᠨᠢᠭ ᠢᠶᠠᠷ ᠵᠣᠯᠭᠠᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠥᠨᠳᠥᠷ ᠪᠦᠲᠦᠮᠵᠢᠲᠡᠢ ᠠᠭᠤᠰᠤᠯᠴᠠᠭᠤᠯᠵᠤ᠂ ᠵᠠᠬ᠎ᠠ ᠳᠡᠯᠭᠡᠭᠦᠷ ᠪᠣᠯᠣᠨ ᠵᠠᠰᠠᠭ ᠤᠨ ᠣᠷᠳᠣᠨ ᠤ ︽ᠬᠤᠶᠠᠷ ᠭᠠᠷ︾ ᠤᠨ ᠦᠢᠯᠡᠳᠦᠯ ᠢ ᠤᠯᠠᠮ ᠨᠢᠭᠡ | ᠠᠯᠬᠤᠮ ᠴᠢᠩᠭᠠᠳᠬᠠᠵᠤ᠂ ︽ᠬᠤᠶᠠᠷᠯᠠᠬᠤ ᠤᠨᠤᠯ︾ ᠪᠣᠯᠣᠨ ︽ᠭᠤᠣᠯᠳᠠᠯᠭᠠᠲᠤ ᠤᠨᠤᠯ︾ ᠤᠨ ᠬᠤᠪᠢᠰᠤᠩᠭᠤᠢ ᠨᠢᠭᠡᠳᠦᠯ ᠢ ᠢᠯᠡᠷᠡᠭᠦᠯᠵᠦ᠂ ᠴᠥᠮ | ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠵᠣᠬᠢᠴᠠᠩᠭᠤᠢ ᠴᠢᠨᠠᠷᠲᠠᠢ᠂ ᠤᠷᠢᠳᠴᠢᠯᠠᠬᠤ ᠴᠢᠨᠠᠷᠲᠠᠢ ᠥᠭᠡᠷᠡᠴᠢᠯᠡᠯᠲᠡ ᠪᠣᠯᠣᠨ᠎ᠠ᠂ | ᠨᠠᠶᠢᠳᠠᠪᠤᠷᠢᠵᠢᠭᠤᠯᠤᠭᠰᠠᠨ ᠤ ᠲᠠᠷᠠᠭ᠎ᠠ ᠯᠠᠪᠲᠠᠢ ᠯᠤᠲᠤ ᠶᠡᠭᠡ ᠶᠡᠷᠦᠩᠬᠡᠶᠢᠯᠡᠭᠰᠡᠨ ᠦᠢᠯᠡᠳᠦᠯ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠬᠥᠲᠥᠯᠥᠨ ᠳᠠᠭᠠᠭᠤᠯᠵᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠪᠣᠯᠣᠨ᠎ᠠ᠃ ᠪᠢᠳᠡ ᠯᠠᠪᠲᠠᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ | ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ | ᠬᠠᠶᠢᠨ ᠰᠦᠪᠡᠭᠴᠢᠯᠡᠵᠦ︾᠂ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠬᠤ᠂ ᠰᠢᠨ᠎ᠡ ᠪᠠᠶᠢᠳᠠᠯ ᠢ ᠡᠭᠦᠳᠬᠦ ᠳᠤ ᠥᠪᠥᠷ ᠮᠣᠩᠭᠤᠯ ᠤᠨ | ᠬᠦᠴᠦᠨ ᠴᠢᠳᠠᠯ ᠢᠶᠠᠨ ᠡᠷᠭᠦᠨ᠎ᠡ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠯ ᠥᠪᠥᠷ ᠮᠣᠩᠭᠤᠯ ᠤᠨ ᠭᠤᠣᠯ ᠡᠭᠦᠷᠭᠡ᠂ ᠮᠥᠨ ᠴᠦ | ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ ᠪᠣᠯᠣᠨ᠎ᠠ᠃ ᠪᠢᠳᠡ ᠡᠨᠡ ᠬᠦ ᠭᠤᠣᠯ ᠡᠭᠦᠷᠭᠡ ᠪᠣᠯᠣᠨ ᠬᠠᠮᠤᠭ ᠤᠨ ᠶᠡᠭᠡ ᠪᠣᠳᠠᠲᠤ ᠪᠠᠶᠢᠳᠠᠯ ᠢ ᠴᠢᠩᠭ᠎ᠠ | ᠡᠵᠡᠮᠳᠡᠵᠦ᠂ ᠪᠦᠭᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠲᠦᠭᠵᠢᠷᠡᠯ ᠢ ᠪᠦᠭᠦ | ᠬᠦᠴᠦᠨ ᠢᠶᠠᠷ ᠢᠶᠠᠨ ᠨᠠᠪᠲᠠᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ | ᠴᠢᠷᠮᠠᠶᠢᠨ᠎ᠠ᠃ | ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠪᠠ ︽ᠲᠣᠭᠲᠠᠭᠠᠯ︾ ᠳᠤ ᠴᠥᠮ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠠᠶᠢᠭᠤᠯᠬᠤ | ᠬᠡᠷᠡᠭᠲᠡᠢ ᠭᠡᠵᠦ ᠱᠠᠭᠠᠷᠳᠠᠵᠠᠢ᠃ ᠪᠢᠳᠡ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ | ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠣᠭᠯᠠᠯ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ | ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠨᠡᠭᠦᠷᠡᠰᠦ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ | ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠡᠷᠴᠢᠮ ᠢᠶᠠᠨ ᠴᠢᠩᠭᠠᠷᠠᠭᠤᠯᠵᠤ᠂ ᠢᠷᠡᠭᠡᠳᠦᠢ ᠶᠢᠨ ᠠᠵᠤ ᠦᠢᠯᠡᠰ᠂ | ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ | ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠶᠢᠰᠢ ᠲᠥᠪᠯᠡᠷᠡᠬᠦ ᠶᠢ | ᠠᠬᠢᠭᠤᠯᠤᠨ᠎ᠠ᠃ ᠡᠭᠦᠨ ᠤ ᠬᠠᠮᠲᠤ ᠡᠷᠴᠢᠮᠵᠢᠭᠦᠯᠬᠦ ᠲᠥᠪᠯᠡᠷᠡᠭᠦᠯᠬᠦ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠥᠮᠥᠨ ᠠᠮᠠ᠂ ᠤᠰᠤᠨ ᠠᠰᠢᠭᠯᠠᠯᠲᠠ᠂ ᠵᠠᠮ | ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠬᠥᠳᠡᠭᠡ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ | ᠵᠣᠬᠢᠴᠠᠩᠭᠤᠢ ᠪᠠᠷ ᠬᠥᠭᠵᠢᠭᠦᠯᠦᠨ ᠰᠢᠯᠢᠳᠡᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ | ᠭᠤᠣᠯᠳᠠᠯᠭ᠎ᠠ ᠲᠠᠢ ᠬᠦᠷᠢᠶ᠎ᠡ ᠲᠡᠶᠢᠰᠢ ᠨᠢᠭᠡᠳᠦᠯᠲᠡᠢ ᠲᠥᠯᠥᠪᠯᠡᠨ ᠨᠡᠶᠢᠳᠬᠡᠬᠦ ᠶᠢ ᠠᠬᠢᠭᠤᠯᠤᠨ᠎ᠠ᠃ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠲᠡᠯᠢᠢᠭᠦ ᠲᠠᠯᠪᠢᠬᠤ ᠨᠢ | ᠵᠣᠬᠢᠰᠲᠠᠢ᠂ ᠣᠷᠴᠢᠯ ᠨᠢ ᠰᠠᠭᠠᠳ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠬᠤ ᠪᠠᠷ ᠳᠠᠮᠵᠢᠭᠤᠯᠤᠨ ᠡᠯ᠎ᠡ ᠵᠦᠢᠯ ᠤᠨ ᠠᠵᠢᠯ ᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠯᠤᠭ᠎ᠠ ᠨᠢᠭᠡᠳᠦᠯᠲᠡᠢ ᠪᠠᠶᠢᠯᠭᠠᠬᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠦᠲᠦᠭᠡᠨ ᠪᠠᠶᠢᠭᠤᠯᠬᠤ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃ | ᠰᠢᠰᠲ᠋ᠧᠮ ᠤᠨ ᠦᠵᠡᠯᠲᠡ ᠪᠠᠷ ︽ᠲᠠᠪᠤᠨ ᠶᠡᠭᠡ ᠡᠭᠦᠷᠭᠡ︾ ᠶᠢᠨ ᠠᠵᠢᠯ ᠤᠨ ᠰᠢᠰᠲ᠋ᠧᠮ ᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠥᠪᠥᠷ ᠮᠣᠩᠭᠤᠯ ᠢ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ | ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠂ ᠪᠢᠳᠡ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠳᠤ ᠡᠷᠬᠡᠪᠰᠢ ᠡᠭᠦᠨ ᠢ | ᠴᠢᠩᠭ᠎ᠠ ᠵᠢᠷᠤᠮᠯᠠᠨ ᠥᠷᠨᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ︽ᠨᠢᠭᠡ ᠵᠢᠷᠤᠭ︾ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠠᠬᠢᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ | ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠲᠠᠷᠢᠶᠠᠨ ᠭᠠᠵᠠᠷ ᠢ ᠬᠠᠮᠠᠭᠠᠯᠠᠵᠤ ᠬᠢᠨᠠᠨ ᠬᠠᠮᠢᠶᠠᠷᠬᠤ᠂ ᠨᠤᠲᠤᠭ ᠪᠡᠯᠴᠢᠭᠡᠷ ᠲᠤ ᠬᠡᠲᠦᠷᠡᠲᠡᠯ᠎ᠡ | ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ᠂ ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠵᠡᠷᠭᠡ | ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠳᠦᠷᠢᠮ ᠤᠨ | ᠪᠠᠲᠤᠯᠠᠭ᠎ᠠ ᠬᠠᠩᠭᠠᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ︽1 + 8︾ | ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠷᠢᠶᠡᠨ ᠳᠠᠬᠢ ᠳᠦᠷᠢᠮ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠦᠢᠯᠡᠳᠦᠯᠴᠡᠯ ᠢ ᠠᠬᠢᠭᠤᠯᠤᠨ᠎ᠠ᠃ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ᠂ ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ ᠨᠡᠭᠡᠭᠡᠨ ᠠᠰᠢᠭᠯᠠᠬᠤ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠪᠣᠷ ᠰᠢᠷᠣᠢ ᠶᠢ ᠰᠤᠳᠤᠯᠤᠨ ᠨᠡᠭᠡᠭᠡᠬᠦ ᠰᠢᠨ᠎ᠡ ᠮᠠᠶ᠋ᠢᠭ ᠤᠨ ᠲᠣᠭᠲᠠᠴᠠ ᠶᠢ ᠪᠦᠷᠢᠨᠰᠢᠭᠦᠯᠵᠦ᠂ ᠰᠤᠳᠤᠯᠭᠠᠨ ᠤ | ᠬᠦᠷᠢᠶ᠎ᠡ ᠪᠠ ᠴᠢᠭᠯᠡᠯ ᠢ ᠥᠷᠭᠡᠳᠬᠡᠨ᠂ ᠬᠤᠪᠣᠷ ᠰᠢᠷᠣᠢ ᠶᠢᠨ ᠠᠵᠤ ᠦᠢᠯᠡᠰ ᠬᠢᠭᠡᠳ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠡᠪᠴᠡᠯᠳᠦᠨ ᠬᠥᠭᠵᠢᠬᠦ ᠶᠢ | ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ᠂ ︽ᠭᠠᠵᠠᠷ ᠰᠢᠷᠣᠢ᠂ ᠤᠰᠤ᠂ ᠦᠷ᠎ᠡ | ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠲᠣᠭᠤᠷᠢᠨ ᠳᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠪᠲᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ | ᠠᠬᠤᠢ ᠶᠢᠨ ᠬᠥᠭᠵᠢᠯᠲᠡ ᠶᠢ ᠳᠡᠮᠵᠢᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ᠂ ᠡᠳ᠋ᠰᠢᠭᠦᠯᠦᠨ ᠪᠤᠯᠪᠠᠰᠤᠷᠠᠭᠤᠯᠬᠤ᠂ ᠭᠦᠢᠯᠭᠡᠭᠡ᠂ ᠦᠢᠯᠡᠴᠢᠯᠡᠭᠡ ᠵᠡᠷᠭᠡ | ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢᠨ ᠲᠠᠯ᠎ᠠ ᠪᠠᠷ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠲᠦᠷᠭᠡᠳᠬᠡᠨ ᠡᠭᠦᠳᠦᠨ | ᠪᠠᠶᠢᠭᠤᠯᠵᠤ᠂ ︽ᠪᠣᠭᠤᠮᠲᠠ + ᠳᠣᠲᠣᠷ᠎ᠠ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ | ᠳᠣᠲᠣᠭᠠᠳᠤ ᠶᠢᠨ ᠪᠤᠰᠤᠳ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠬᠤ ᠳᠤ ᠨᠠᠩ ᠰᠠᠶᠢᠨ ᠦᠢᠯᠡᠴᠢᠯᠡᠨ᠎ᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ︽ | ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠬᠠᠷᠠᠯᠲᠠ ᠪᠠ ᠡᠭᠦᠷᠭᠡ ᠶᠢ ᠳᠤᠷᠠᠳᠪᠠ᠂ ᠪᠢᠳᠡ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ︽ᠵᠢᠱᠢᠶᠡᠴᠢ︾ ᠨᠢᠭᠡ ᠪᠦᠷᠢ ᠶᠢ ᠯᠠᠪᠳᠠᠭᠤᠨ ᠪᠠᠲᠤᠲᠠᠢ ᠪᠥᠭᠡᠳ ᠭᠦᠨᠵᠡᠭᠡᠢ ᠬᠢᠬᠦ ᠪᠠᠷ ᠴᠢᠷᠮᠠᠶᠢᠨ᠎ᠠ᠃ ᠦᠵᠡᠯ | ᠰᠠᠨᠠᠭ᠎ᠠ ᠪᠠᠷ ᠬᠥᠲᠥᠯᠥᠨ ᠳᠠᠭᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ | ᠪᠠ ᠶᠣᠰᠣ ᠵᠦᠢ︾ ᠶᠢᠨ ᠲᠡᠦᠬᠡ ᠶᠢᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠢ ᠨᠠᠩ ᠴᠢᠩ ᠰᠡᠳᠬᠢᠯ ᠠᠴᠠ ᠪᠠᠨ ᠳᠠᠭᠠᠵᠤ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ | ᠦᠵᠡᠭᠦᠯᠭᠦ ᠣᠷᠣᠨ ᠢ ᠪᠦᠭᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠦᠨᠳᠦᠰᠦᠨ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠭᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ᠂ | ᠡᠮᠴᠢᠯᠡᠭᠡ᠂ ᠨᠢᠯᠬᠠᠰ ᠢ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠪᠦᠷᠢᠨᠰᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠥᠷᠭᠡᠨ ᠳᠡᠯᠭᠡᠷ ᠢᠶᠠᠷ ᠬᠠᠮᠲᠤ ᠪᠠᠷ ᠣᠷᠣᠰᠢᠨ ᠰᠠᠭᠤᠷᠢᠰᠢᠵᠤ ᠬᠠᠮᠲᠤ ᠪᠠᠷ ᠰᠤᠷᠤᠯᠴᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠤᠨ᠎ᠠ᠃ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ | ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠪᠠᠶᠢᠩᠭᠤ ᠴᠣᠭᠴᠠᠯᠠᠵᠤ ᠪᠠᠶᠢᠩᠭᠤ | ᠪᠠᠬᠢᠵᠢᠭᠦᠯᠬᠦ ᠶᠢ ᠦᠨᠡᠨ ᠬᠦ ᠪᠠᠲᠤᠯᠠᠨ᠎ᠠ᠃ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠤᠯᠠᠮᠵᠢᠯᠠᠨ | ᠳᠡᠯᠭᠡᠷᠡᠭᠦᠯᠵᠦ ᠬᠡᠷᠡᠭᠯᠡᠬᠦ᠂ ᠲᠤᠯᠭᠠᠭᠤᠷᠢᠯᠠᠵᠤ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢ | ᠪᠠᠷ ᠵᠠᠰᠠᠬᠤ ᠪᠠᠶᠢᠭᠤᠯᠤᠯᠲᠠ ᠳᠤ ᠠᠭᠤᠰᠤᠯᠴᠠᠭᠤᠯᠬᠤ᠂ ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠬᠤ᠂ ᠨᠡᠶᠢᠭᠡᠮ ᠤᠨ ᠠᠮᠢᠳᠤᠷᠠᠯ ᠳᠤ ᠠᠭᠤᠰᠤᠯᠴᠠᠭᠤᠯᠬᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠴᠣᠭᠴᠠᠯᠠᠨ᠎ᠠ᠃ | ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠤᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ | ᠪᠠ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠤᠨ᠎ᠠ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ ᠪᠠ ᠰᠤᠯᠠ ᠵᠠᠳᠠᠭᠠᠢ ᠪᠠᠶᠢᠬᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ | ᠦᠷᠭᠦᠯᠵᠢᠯᠡᠨ ᠴᠢᠩᠭᠠᠷᠠᠭᠤᠯᠤᠨ᠎ᠠ᠃ | ᠵᠠᠬ᠎ᠠ ᠳᠡᠯᠭᠡᠭᠦᠷ ᠤᠨ ᠤᠬᠠᠮᠰᠠᠷ ᠢ ᠬᠦᠴᠦᠯᠡᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ᠥᠭᠡᠷᠡᠴᠢᠯᠡᠯᠲᠡ ᠪᠣᠯ ᠠᠰᠠᠭᠤᠳᠠᠯ ᠤᠨ ᠭᠡᠳᠡᠷᠭᠦ ᠰᠢᠬᠠᠯᠲᠠ ᠠᠴᠠ ᠪᠤᠶ ᠪᠣᠯᠤᠭᠰᠠᠨ ᠮᠥᠷᠲᠡᠭᠡᠨ ᠠᠰᠠᠭᠤᠳᠠᠯ ᠢ | ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠭᠦᠨᠵᠡᠭᠡᠶᠢᠷᠡᠳᠡᠭ ᠭᠡᠵᠦ ᠵᠢᠭᠠᠵᠤ ᠭᠠᠷᠭᠠᠪᠠ᠃ ᠥᠪᠥᠷ ᠮᠣᠩᠭᠤᠯ ᠳᠤ ᠠᠪᠴᠤ ᠬᠡᠯᠡᠪᠡᠯ᠂ ᠣᠳᠣᠬᠠᠨ ᠤ ᠬᠠᠮᠤᠭ ᠤᠨ | ᠲᠤᠯᠭᠠᠮ ᠠᠰᠠᠭᠤᠳᠠᠯ ᠪᠣᠯ ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ︾ | ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ︽ᠭᠤᠷᠪᠠᠨ ᠲᠦᠪᠰᠢᠨ︾ ᠢ | ᠳᠡᠭᠡᠭᠰᠢᠯᠡᠭᠦᠯᠭᠦ ᠶᠠᠪᠤᠳᠠᠯ ᠪᠣᠯᠣᠨ᠎ᠠ᠃ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠲᠣᠭᠲᠠᠭᠠᠯ︾ | ᠳᠤ᠂ ︽ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ | ᠦᠷ᠎ᠡ ᠪᠦᠲᠦᠮᠵᠢ ᠶᠢ ᠬᠠᠮᠤᠭ ᠤᠨ ᠰᠢᠯᠢᠳᠡᠭᠵᠢᠭᠦᠯᠬᠦ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ ᠪᠢᠳᠡ | ᠠᠵᠤ ᠠᠬᠤᠢ ᠶᠢᠨ ᠠᠵᠢᠯᠯᠠᠭ᠎ᠠ ᠥᠷᠨᠢᠭᠦᠯᠬᠦ ᠳᠤ ᠵᠠᠪᠠᠯ ᠦᠷ᠎ᠡ ᠠᠰᠢᠭ ᠢ ᠨᠠᠩ ᠴᠢᠬᠤᠯᠠᠴᠢᠯᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠠᠲᠤᠯᠠᠨ | ᠦᠢᠯᠡᠴᠢᠯᠡᠬᠦ ᠤᠷᠢᠲᠠᠯ ᠳᠣᠣᠷ᠎ᠠ ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠲᠤ ᠢᠯᠡᠭᠦᠬᠡᠨ ᠠᠰᠢᠭ ᠬᠦᠷᠲᠡᠭᠡᠵᠦ᠂ ᠠᠷᠠᠳ ᠣᠯᠠᠨ ᠳᠤ ᠢᠯᠡᠭᠦᠬᠡᠨ ᠪᠤᠶᠠᠨ | ᠦᠢᠯᠡᠳᠴᠦ᠂ ᠦᠷ᠎ᠡ ᠬᠤᠶᠢᠴᠢᠰ ᠲᠠᠭᠠᠨ ᠢᠯᠡᠭᠦᠬᠡᠨ ᠥᠪ ᠬᠥᠷᠥᠩᠭᠡ ᠬᠤᠷᠠᠮᠳᠤᠭᠤᠯᠵᠤ ᠥᠭᠬᠦ ᠬᠡᠷᠡᠭᠲᠡᠢ᠃ ᠨᠠᠷᠢᠨ ᠪᠤᠳᠤᠬᠤ ᠤᠬᠠᠮᠰᠠᠷ ᠢᠶᠠᠨ ᠦᠨᠡᠨ ᠬᠦ | ᠴᠢᠩᠭᠠᠳᠬᠠᠵᠤ᠂ ᠡᠨᠧᠷᠭᠢ᠂ ᠴᠠᠭᠢᠯᠭᠠᠨ ᠬᠦᠴᠦ᠂ ᠭᠠᠵᠠᠷ ᠰᠢᠷᠣᠢ᠂ ᠳ᠋ᠠᠶᠢᠲ᠋ᠠ ᠵᠡᠷᠭᠡ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠶᠡᠭᠡ ᠪᠠᠷ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠢᠷᠡᠭᠰᠡᠨ ᠪᠥᠭᠡᠮ ᠲᠠᠸᠠᠷ ᠢ ᠬᠤᠷᠰᠢᠨ ᠡᠵᠡᠩᠨᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠥᠪ ᠪᠠ | ᠣᠷᠣᠨ ᠨᠤᠲᠤᠭ ᠤᠨ ᠬᠠᠮᠲᠤᠷᠠᠯᠴᠠᠭᠠᠨ ᠤ ᠲᠣᠭᠲᠠᠴᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠢ ᠶᠢᠨ ᠳᠣᠲᠣᠭᠠᠳᠤ | ᠭᠠᠳᠠᠭᠠᠳᠤ ᠡᠷᠭᠢᠯᠲᠡ ᠶᠢ ᠰᠢᠯᠤᠭᠤᠳᠬᠠᠵᠤ᠂ ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠳᠠ | ᠦᠭᠡᠢ ᠬᠥᠭᠵᠢᠭᠡᠨ᠎ᠡ᠃ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠠ᠃ ᠲᠥᠪ ᠭᠤᠣᠯᠴᠢ ᠡᠮᠬᠢ | ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ ᠪᠤᠢ ᠪᠤᠯᠭᠠᠬᠤ ᠳᠤ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠬᠤ︾ ᠴᠢᠬᠤᠯᠠᠲᠠᠢ ᠮᠥᠷᠲᠡᠭᠡᠨ ᠪᠠᠰᠠ | ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ︾ ᠴᠢᠬᠤᠯᠠᠲᠠᠢ ᠶᠤᠮ᠃ ᠪᠢᠳᠡ ︽ᠲᠣᠭᠲᠠᠭᠠᠯ︾ ᠳᠠᠬᠢ ︽ᠭᠤᠣᠯ ᠪᠤᠯᠬᠤ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠪᠠᠷ ᠡᠯᠧᠮᠧᠨ᠋ᠲ ᠤᠨ ᠦᠨ᠎ᠡ ᠬᠠᠩᠰᠢ ᠶᠢᠨ ᠲᠣᠭᠲᠠᠴᠠ ᠶᠢ ᠲᠣᠭᠲᠠᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ ᠵᠠᠬ᠎ᠠ ᠳᠡᠯᠭᠡᠭᠦᠷ ᠤᠨ ᠨᠡᠶᠢᠭᠡᠮ ᠤᠨ ᠵᠠᠰᠠᠯᠲᠠ ᠳᠤᠮᠳᠠᠬᠢ ᠡᠯᠧᠮᠧᠨ᠋ᠲ ᠤᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠲᠤᠴᠢ ᠴᠢᠨᠠᠷᠲᠠᠢ | ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠷ | ᠳᠠᠮᠵᠢᠭᠤᠯᠤᠨ ᠤᠯᠠᠨ ᠲᠦᠮᠡᠨ ᠤ ᠡᠬᠢ ᠪᠠᠶᠠᠯᠢᠭ ᠢ ᠠᠷᠪᠢᠯᠠᠬᠤ ᠶᠢ ᠱᠠᠯᠠᠪᠳᠠᠭᠤᠯᠵᠤ᠂ ᠬᠥᠮᠥᠰ ᠤᠨ ᠳᠦᠷᠢᠮ ᠰᠠᠬᠢᠯᠭ᠎ᠠ ᠶᠢ ᠵᠢᠷᠤᠮᠯᠠᠬᠤ ᠶᠢ ᠬᠥᠲᠥᠯᠥᠨ ᠵᠢᠯᠤᠭᠤᠳᠴᠤ᠂ | ᠡᠭᠦᠨ ᠤ ᠤᠯᠠᠮ ᠢᠶᠠᠷ ᠨᠡᠶᠢᠭᠡᠮ ᠤᠨ ᠡᠮᠬᠢ ᠳᠢᠭᠯᠢᠮ ᠢ ᠰᠢᠯᠢᠳᠡᠭᠵᠢᠭᠦᠯᠦᠨ᠎ᠡ᠃ | ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠲᠦᠰᠢᠭᠯᠡᠨ ᠣᠯᠠᠨ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠠ᠃ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ ᠢ | ᠴᠢᠩᠭᠠᠳᠬᠠᠬᠤ ᠪᠣᠯ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠬᠠᠷᠠᠯᠲᠠ ᠮᠥᠨ᠃ ᠪᠢᠳᠡ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠤᠨ | ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠩ ᠤᠯᠠᠨ ᠡᠵᠡᠩᠨᠡᠯᠲᠡ ᠶᠢᠨ ᠭᠤᠣᠯ ᠴᠣᠭᠴᠠ ᠶᠢ ᠲᠠᠲᠠᠵᠤ ᠰᠤᠷᠭᠠᠨ ᠬᠥᠮᠦᠵᠢᠯ᠂ | ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠣᠶᠣᠯ ᠵᠡᠷᠭᠡ ᠤᠯᠠᠨ ᠨᠡᠶᠢᠲᠡ ᠶᠢᠨ ᠦᠢᠯᠡᠰ ᠲᠤ ᠪᠡᠯᠡ ᠣᠷᠣᠭᠤᠯᠵᠤ᠂ ᠤᠯᠠᠨ ᠲᠦᠮᠡᠨ ᠤ ᠤᠯᠠᠨ ᠶᠠᠩᠵᠤᠲᠤ ᠥᠪᠡᠷᠮᠢᠴᠡ᠂ | ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠳᠡᠭᠡᠨ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠢᠯᠡᠭᠦᠬᠡᠨ ᠲᠦᠰᠢᠭᠯᠡᠵᠦ ᠣᠯᠠᠨ ᠲᠦᠮᠡᠨ ᠢ ᠬᠥᠲᠥᠯᠥᠨ ᠵᠢᠯᠤᠭᠤᠳᠴᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠣᠯᠠᠨ ᠢᠶᠠᠷ ᠢᠶᠠᠨ ᠬᠢᠬᠦ ᠶᠢᠨ ᠳᠤᠮᠳᠠ ᠡᠯ᠎ᠡ ᠲᠥᠷᠥᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ᠂ ᠡᠷᠬᠡᠪᠰᠢ ᠨᠢᠭᠡᠳᠦᠯᠲᠡᠢ ᠲᠥᠯᠥᠪᠯᠡᠬᠦ᠂ ᠪᠦᠬᠦᠯᠢ ᠴᠣᠭᠴᠠ ᠪᠠᠷ ᠲᠥᠯᠥᠪᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠢᠰᠲ᠋ᠧᠮ ᠲᠠᠢ | ᠠᠬᠢᠭᠤᠯᠵᠤ᠂ ᠬᠥᠭᠵᠢᠯᠲᠡ ᠶᠢ ᠠᠳᠬᠤᠵᠤ ᠥᠭᠡᠷᠡᠴᠢᠯᠡᠯᠲᠡ ᠶᠢ ᠠᠬᠢᠭᠤᠯᠬᠤ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠪᠠᠷ ᠴᠢᠷᠮᠠᠶᠢᠨ᠎ᠠ᠃ | ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠪᠣᠯ ᠠᠯᠢᠪᠠ ᠠᠵᠢᠯ ᠢ ᠬᠢᠬᠦ ᠶᠢᠨ ᠰᠠᠭᠤᠷᠢ ᠮᠥᠨ᠃ ᠪᠢᠳᠡ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠠᠶᠢᠲᠤᠷ ᠰᠤᠷᠤᠯᠴᠠᠨ ᠣᠶᠢᠯᠠᠭᠠᠵᠤ ᠨᠡᠪᠳᠡᠷᠡᠳᠡᠯ᠎ᠠ ᠡᠵᠡᠮᠰᠢᠵᠦ ᠪᠣᠳᠠᠲᠠᠶᠢᠵᠢᠭᠤᠯᠵᠤ᠂ | ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠡᠭᠦᠨ ᠤ ᠳᠤᠮᠳᠠ ᠠᠴᠠ ᠬᠦᠴᠢᠷ | ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠰᠡᠳᠬᠢᠮᠵᠢ ᠪᠠ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠨ᠎ᠡ᠃ ᠰᠢᠨ᠎ᠡ ᠴᠠᠭ ᠦᠶ᠎ᠡ ᠠᠴᠠ | ᠨᠠᠭᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠥᠲᠥᠯᠥᠨ ᠠᠬᠢᠭᠤᠯᠵᠤ ᠣᠯᠣᠭᠰᠠᠨ ᠲᠡᠦᠬᠡᠲᠦ | ᠴᠢᠨᠠᠷᠲᠠᠢ ᠠᠮᠵᠢᠯᠲᠠ ᠪᠦᠲᠦᠮᠵᠢ ᠪᠣᠯᠣᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠬᠤ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠥᠷᠨᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠦᠨᠡᠨ ᠰᠡᠳᠬᠢᠯ ᠠᠴᠠ ᠪᠠᠨ ᠣᠶᠢᠯᠠᠭᠠᠵᠤ᠂ ᠨᠠᠮ ᠤᠨ ᠰᠠᠶᠢᠨ ᠢ ᠮᠡᠳᠡᠭᠦᠯᠦᠨ᠎ᠡ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ | ᠪᠦᠲᠦᠮᠵᠢᠳᠠᠢ ᠰᠠᠶᠢᠲᠤᠷ ᠠᠳᠬᠤᠵᠤ᠂ ᠢᠯᠵᠢᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠭᠢᠮᠯᠡᠭᠦ ᠡᠷᠴᠢᠮ ᠢ ᠴᠢᠩᠭᠠᠷᠠᠭᠤᠯᠵᠤ᠂ ︽ᠢᠯᠵᠢᠷᠡᠬᠦ ᠠᠴᠠ ᠵᠢᠷᠦᠬᠡᠰᠢᠶᠡᠬᠦ᠂ | ᠢᠯᠵᠢᠷᠡᠵᠦ ᠪᠤᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠬᠤ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ | ᠠᠰᠠᠭᠤᠳᠠᠯ ᠢ ᠪᠠᠶᠢᠴᠠᠭᠠᠵᠤ ᠵᠠᠰᠠᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ | ᠠᠬᠢᠭᠤᠯᠬᠤ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠤᠯᠠᠮ ᠨᠢᠭᠡ ᠠᠯᠬᠤᠮ ᠪᠤᠶ ᠪᠣᠯᠭᠠᠨ᠎ᠠ᠃ | ᠵᠠᠰᠠᠯᠲᠠ ᠶᠢ ᠰᠢᠯᠢᠳᠡᠭᠵᠢᠭᠦᠯᠦᠨ᠎ᠡ᠃ ︽ᠲᠣᠭᠲᠠᠭᠠᠯ︾ ᠳᠤ᠂ ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠪᠠ ᠠᠷᠭ᠎ᠠ ᠪᠠᠷᠢᠯ ᠤᠨ ᠲᠠᠯ᠎ᠠ ᠪᠠᠷ | ᠰᠢᠨ᠎ᠡ ᠶᠢ ᠡᠭᠦᠳᠴᠦ︾᠂ ︽ᠤᠯᠤᠰ ᠤᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠵᠣᠬᠢᠴᠠᠭᠤᠯᠬᠤ︾ ᠶᠢ ᠠᠬᠢᠭᠤᠯᠬᠤ ᠬᠡᠷᠡᠭᠲᠡᠢ ᠭᠡᠵᠦ | ᠳᠤᠷᠠᠳᠪᠠ᠃ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠵᠡᠷᠭᠡ ᠪᠠᠷ ᠨᠡᠶᠢᠭᠡᠮ ᠤᠨ ᠳᠠᠪᠬᠤᠷᠭ᠎ᠠ ᠶᠢᠨ | ᠮᠠᠰᠢ ᠤᠯᠠᠨ ᠠᠷᠬᠠᠭ ᠭᠡᠮ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ᠂ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠤᠢ ᠰᠢᠭᠤᠢ | ᠨᠤᠲᠤᠭ ᠪᠡᠯᠴᠢᠭᠡᠷ ᠢ ᠰᠦᠢᠳᠬᠡᠬᠦ ᠵᠡᠷᠭᠡ ᠬᠦᠷᠢᠶᠡᠨ ᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠨᠡᠶᠢᠭᠡᠮ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠴᠠᠭᠠᠵᠠ ᠳᠦᠷᠢᠮ ᠲᠣᠭᠲᠠᠭᠠᠯ ᠢ | ᠵᠥᠷᠢᠴᠡᠭᠰᠡᠨ ᠬᠥᠮᠥᠨ ᠪᠣᠯᠣᠨ ᠬᠡᠷᠡᠭ ᠶᠠᠪᠤᠳᠠᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠴᠥᠭᠡᠨ ᠲᠣᠭᠠᠨ ᠤ ᠬᠥᠮᠥᠨ ᠢ ᠰᠢᠢᠳᠬᠡᠵᠦ᠂ ᠶᠡᠭᠡ | ᠬᠡᠪᠴᠢᠶ᠎ᠡ ᠪᠠᠷ ᠰᠦᠷᠳᠡᠭᠦᠯᠵᠦ᠂ ᠪᠦᠭᠦ ᠨᠡᠶᠢᠭᠡᠮ ᠢ ᠬᠥᠮᠥᠵᠢᠭᠦᠯᠬᠦ︾ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠦᠨ᠎ᠡ᠃ ᠠᠰᠠᠭᠤᠳᠠᠯ ᠠᠮᠠᠷᠬᠠᠨ ᠡᠭᠦᠰᠬᠦ ᠤᠯᠠᠨ | ᠡᠭᠦᠰᠬᠦ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ᠂ ᠪᠠᠶᠢᠭᠤᠯᠤᠯ ᠲᠣᠭᠲᠠᠴᠠ ᠠᠴᠠ ᠭᠠᠷᠳᠠᠵᠤ ᠠᠯᠳᠠᠭ᠎ᠠ ᠳᠤᠲᠠᠭᠳᠠᠯ ᠢ ᠵᠠᠯᠠᠷᠠᠭᠤᠯᠵᠤ᠂ | ᠨᠡᠶᠢᠭᠡᠮ ᠤᠨ ᠵᠥᠷᠢᠴᠡᠯ ᠢ ᠠᠷᠢᠯᠭᠠᠬᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠵᠡᠷᠭᠡ ᠰᠠᠭᠤᠷᠢ ᠴᠢᠨᠠᠷᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠥᠮᠥᠨ ᠪᠦᠭᠦᠨ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠪᠦᠭᠦᠨ ᠢ ᠳᠦᠷᠢᠮ ᠲᠣᠭᠲᠠᠭᠠᠯ ᠶᠣᠰᠣᠭᠠᠷ ᠰᠢᠢᠳᠪᠦᠷᠢᠯᠡᠬᠦ᠂ ᠨᠡᠶᠢᠭᠡᠮ | ᠡᠮᠬᠢ ᠵᠢᠷᠤᠮ ᠲᠠᠢ ᠰᠠᠶᠢᠨ ᠰᠠᠶᠢᠬᠠᠨ ᠪᠠᠶᠢᠳᠠᠯ ᠲᠠᠢ ᠪᠤᠯᠬᠤ ᠶᠢ ᠠᠬᠢᠭᠤᠯᠤᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠶᠡᠷᠦᠩᠬᠡᠢ ᠱᠦᠵᠢ ᠰᠢ ᠶᠢᠨ ᠫᠢᠩ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠤᠯᠠᠨ | ᠤᠳᠠᠭ᠎ᠠ ᠴᠢᠬᠤᠯᠠ ᠵᠢᠭᠠᠪᠤᠷᠢ ᠥᠭᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠬᠢᠨᠠᠨ ᠬᠠᠷᠭᠤᠭᠤᠯᠬᠤ᠂ | ᠠᠶᠤᠯ ᠲᠦᠭᠰᠢᠭᠦᠷᠢ ᠶᠢ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ | ᠦᠭᠡᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ᠂ ᠭᠠᠵᠠᠷ ᠣᠷᠣᠨ ᠤ ᠬᠤᠭᠤᠷᠣᠨᠳᠤ ᠰᠣᠯᠪᠢᠴᠠᠭᠤᠯᠤᠨ ᠬᠠᠤᠯᠢ ᠬᠡᠷᠡᠭᠵᠢᠭᠦᠯᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ | ᠪᠦᠷᠢᠨᠰᠢᠭᠦᠯᠵᠦ᠂ ᠥᠷᠢ ᠥᠭᠴᠡᠭᠡᠨ ᠤ ᠮᠥᠩᠭᠦᠨ ᠭᠦᠢᠯᠭᠡᠭᠡ᠂ ᠭᠡᠷ ᠭᠠᠵᠠᠷ ᠤᠨ ᠬᠥᠷᠥᠩᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ | ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠡᠷᠴᠢ ᠵᠣᠷᠢᠭ ᠢᠶᠠᠨ ᠬᠥᠪᠴᠢᠯᠡᠨ᠎ᠡ᠃ ︽ᠲᠣᠭᠲᠠᠭᠠᠯ︾ ᠳᠤ ︽︿ᠭᠤᠷᠪᠠ ᠶᠢ ᠢᠯᠭᠠᠬᠤ﹀ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠠᠮ ᠨᠡᠭᠡᠭᠡᠨ | ᠤᠷᠤᠭᠰᠢᠯᠠᠬᠤ᠂ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠤᠨ᠎ᠠ︾ ᠭᠡᠵᠦ ᠳᠤᠷᠠᠳᠪᠠ᠃ ᠪᠢᠳᠡ ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠢ | ᠪᠣᠶᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ | ᠬᠠᠭᠤᠴᠢᠨ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠠᠷᠢᠯᠭᠠᠵᠤ᠂ ᠥᠭᠡᠷᠡᠴᠢᠯᠡᠭᠴᠢ ᠳᠤ ᠬᠠᠷᠢᠭᠤᠴᠠᠬᠤ᠂ ᠰᠢᠨ᠎ᠡ ᠶᠢ ᠡᠭᠦᠳᠦᠭᠴᠢ ᠳᠤ ᠬᠠᠷᠢᠭᠤᠴᠠᠬᠤ ᠳᠦᠷᠢᠮ ᠤᠨ | ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠠᠵᠢᠯ ᠶᠠᠪᠤᠳᠠᠯ ᠪᠦᠲᠦᠭᠡᠵᠦ ᠳᠡᠶᠢᠯᠭᠦ ᠬᠥᠮᠥᠰ ᠢ ᠵᠣᠷᠢᠭᠲᠠᠢ ᠳᠡᠪᠰᠢᠭᠦᠯᠵᠦ | ᠴᠢᠬᠤᠯᠠᠴᠢᠯᠠᠨ ᠬᠡᠷᠡᠭᠯᠡᠵᠦ᠂ ᠬᠠᠶᠢᠨ ᠰᠦᠪᠡᠭᠴᠢᠯᠡᠯᠲᠡ ᠬᠢᠭᠰᠡᠨ ᠠᠴᠠ ᠪᠣᠯᠵᠤ ᠠᠯᠳᠠᠰᠢ ᠭᠠᠷᠤᠭᠰᠠᠨ ᠪᠠᠶᠢᠪᠠᠯ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠠᠯᠢ | ᠴᠢᠳᠠᠬᠤ ᠪᠠᠷ ᠪᠠᠭᠲᠠᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ︽ᠺᠠᠳ᠋ᠷ ᠢ ᠵᠣᠷᠢᠭᠲᠠᠢ ᠬᠢᠯᠭᠡᠬᠦ᠂ ᠣᠷᠣᠨ ᠨᠤᠲᠤᠭ ᠢ ᠵᠣᠷᠢᠭᠲᠠᠢ ᠬᠢᠯᠭᠡᠬᠦ᠂ ᠠᠵᠤ ᠠᠬᠤᠶᠢᠯᠠᠯ ᠢ | ᠵᠣᠷᠢᠭᠲᠠᠢ ᠬᠢᠯᠭᠡᠬᠦ᠂ ᠤᠯᠠᠨ ᠲᠦᠮᠡᠨ ᠤ ᠵᠣᠷᠢᠭᠲᠠᠢ ᠡᠭᠦᠳᠦᠨ ᠪᠦᠲᠦᠭᠡᠬᠦ ᠶᠢ ᠠᠬᠢᠭᠤᠯᠬᠤ ᠬᠡᠷᠡᠭᠲᠡᠢ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠡᠯ᠎ᠡ ᠲᠠᠯ᠎ᠠ ᠶᠢᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠦ᠂ ᠬᠥᠮᠥᠨ ᠪᠦᠭᠦᠨ ᠢ | ᠵᠣᠷᠢᠭᠵᠢᠭᠤᠯᠵᠤ ᠠᠵᠢᠯ ᠬᠢᠬᠦ ᠳᠤᠷᠠᠲᠠᠢ᠂ ᠪᠤᠰᠤᠳ ᠢ ᠬᠠᠪᠰᠤᠷᠤᠨ ᠠᠵᠢᠯ ᠶᠠᠪᠤᠳᠠᠯ ᠪᠦᠲᠦᠭᠡᠬᠦ ᠳᠤᠷᠠᠲᠠᠢ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ | ᠠᠬᠤᠶᠢᠯᠠᠯ ᠤᠨ ᠬᠢᠨ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠳᠣᠲᠣᠷ ᠲᠠᠮᠢᠷ ᠢᠶᠠᠨ ᠪᠤᠯᠪᠠᠰᠤᠷᠠᠭᠤᠯᠵᠤ᠂ ᠨᠡᠩ ᠶᠡᠭᠡ ᠬᠥᠭᠵᠢᠯᠲᠡ ᠶᠢ ᠴᠢᠷᠮᠠᠶᠢᠨ | ᠪᠡᠶᠡᠯᠡᠭᠦᠯᠵᠦ᠂ ᠦᠨᠳᠦᠰᠦᠨ ᠱᠠᠲᠤᠨ ᠤ ᠨᠢᠭᠡᠴᠢ ᠶᠢᠨ ᠬᠢᠨ ᠴᠢᠷᠮᠠᠶᠢᠨ ᠠᠵᠢᠯᠯᠠᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ | ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠯᠪᠢᠬᠤ ᠶᠣᠰᠣᠲᠠᠢ ᠠᠵᠢᠯ ᠤᠨ ᠡᠷᠬᠡ ᠪᠠᠨ ᠲᠠᠯᠪᠢᠵᠤ᠂ ᠬᠠᠩᠭᠠᠬᠤ | ᠶᠣᠰᠣᠲᠠᠢ ᠦᠢᠯᠡᠴᠢᠯᠡᠭᠡ ᠶᠢ ᠰᠠᠶᠢᠲᠤᠷ ᠬᠠᠩᠭᠠᠬᠤ ᠶᠢ ᠠᠬᠢᠭᠤᠯᠵᠤ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠤᠨ ᠵᠣᠷᠢᠭᠲᠠᠢ ᠪᠠᠷ ᠠᠵᠢᠯ ᠶᠠᠪᠤᠳᠠᠯ ᠬᠢᠬᠦ ᠳᠤ | ᠨᠥᠬᠦᠴᠡᠯ ᠪᠦᠷᠢᠯᠳᠦᠭᠦᠯᠦᠨ ᠳᠡᠮᠵᠢᠯᠭᠡ ᠦᠵᠡᠭᠦᠯᠵᠦ᠂ ᠪᠦᠭᠦ ᠣᠷᠣᠨ ᠳᠤ ᠠᠵᠢᠯ ᠶᠠᠪᠤᠳᠠᠯ ᠬᠢᠬᠦ ᠨᠢ ᠢᠷᠠᠭᠤ ᠠᠯᠳᠠᠷᠲᠠᠢ᠂ ᠠᠵᠢᠯ ᠶᠠᠪᠤᠳᠠᠯ ᠥᠯᠥ ᠬᠢᠬᠦ ᠨᠢ | ᠢᠴᠢᠭᠦᠷᠢᠲᠡᠢ ᠪᠠᠶᠢᠬᠤ ᠠᠭᠤᠷ ᠠᠮᠢᠰᠬᠤᠯ ᠢ ᠪᠤᠶ ᠪᠤᠯᠭᠠᠵᠤ᠂ ᠬᠥᠮᠥᠨ ᠪᠦᠭᠦᠨ ᠠᠵᠢᠯ ᠬᠢᠵᠦ ᠦᠢᠯᠡᠰ ᠪᠣᠰᠬᠠᠬᠤ᠂ ᠭᠡᠷ ᠪᠦᠯᠢ ᠪᠣᠯᠭᠠᠨ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ᠂ ᠣᠯᠠᠨ ᠢᠶᠠᠷ ᠢᠶᠠᠨ ᠬᠠᠮᠲᠤ ᠠᠵᠢᠯᠯᠠᠵᠤ ᠬᠠᠮᠲᠤ ᠬᠢᠵᠦ ᠬᠠᠮᠲᠤ ᠪᠠᠷ ᠠᠮᠵᠢᠯᠲᠠ ᠪᠦᠲᠦᠮᠵᠢ ᠶᠢ ᠡᠳ᠋ᠯᠡᠬᠦ ᠪᠠᠶᠢᠳᠠᠯ ᠢ ᠪᠦᠷᠢᠯᠳᠦᠭᠦᠯᠦᠨ᠎ᠡ᠃ | ︵ᠤᠭ ᠵᠣᠬᠢᠶᠠᠯ 2024 ᠣᠨ ᠤ 9 ᠰᠠᠷ᠎ᠠ ᠶᠢᠨ 9 ᠤ ᠡᠳᠦᠷ ᠤᠨ ︽ᠰᠤᠷᠤᠯᠴᠠᠯᠭ᠎ᠠ ᠶᠢᠨ ᠴᠠᠭ ᠰᠣᠨᠢᠨ︾ ᠳᠤ ᠨᠡᠶᠢᠲᠡᠯᠡᠭᠳᠡᠵᠡᠢ︶ | | | | | |