ᠡᠵᠡᠨ ᠬᠤᠷᠤᠭ᠎ᠠ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠠᠶᠢᠨ᠎ᠠ
ᠨᠡᠶᠢᠲᠡᠯᠡᠭᠰᠡᠨ ᠴᠠᠭ᠄
2024/9/2
      ᠡᠨᠡ ᠵᠢᠯ ᠠᠴᠠ ᠨᠠᠭᠠᠰᠢ᠂ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠳᠠ ᠲᠠᠢ ᠪᠠᠶᠢᠨ᠎ᠠ᠃       ᠨᠢᠭᠡ᠂ ᠠᠵᠤ ᠦᠢᠯᠡᠳᠪᠦᠷᠢ ᠶᠢᠨ ᠬᠥᠭᠵᠢᠯᠲᠡ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠣᠯᠪᠠ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6 %᠎ ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 16 ᠰᠠᠷ᠎ᠠ ᠶᠢᠨ ᠬᠢ ᠠᠴᠠ 2.8 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠬᠤᠲᠠ ᠶᠢᠨ ᠬᠢ ᠠᠴᠠ 3 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠭᠤᠷᠪᠠᠨ ᠶᠡᠭᠡ ᠲᠥᠷᠥᠯ ᠵᠦᠢᠯ ᠪᠥᠬᠦ ᠲᠠᠯ᠎ᠠ ᠪᠠᠷ ᠨᠡᠮᠡᠭᠳᠡᠵᠦ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.2 % ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 280.4 % ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 19 % ᠨᠡᠮᠡᠭᠳᠡᠪᠡ᠃ ᠰᠢᠨ᠎ᠡ ᠡᠨᠧᠷᠭᠢ ᠶᠢᠨ ᠠᠵᠢᠯ ᠲᠥᠷᠥᠯ ᠲᠦᠷᠭᠡᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 11.1 ᠵᠠᠭᠤᠨ ᠤ ᠴᠡᠭ ᠨᠡᠮᠡᠭᠳᠡᠬᠦ ᠶᠢ ᠳᠠᠶᠢᠴᠢᠯᠠᠪᠠ︔ ᠲᠠᠩ ᠲᠠᠯᠠᠰᠲᠤ ᠴᠠᠬᠢᠭᠤᠷ ᠢ 3564.5 ᠲᠦᠮᠡᠨ ᠺᠢᠯᠣᠭ᠍ᠷᠠᠮ᠂ ᠨᠡᠷᠡᠨ ᠤ ᠡᠨᠧᠷᠭᠢ ᠶᠢᠨ ᠳ᠋ᠢᠶᠠᠨ ᡂᠢ ᠶᠢ 0.1 ᠳ᠋ᠦᠩᠰᠢᠭᠤᠷ ᠬᠢᠯᠦᠸᠠᠲ᠂ ᠯᠢᠲ᠋ᠢ ᠢᠶᠣᠨ ᠳ᠋ᠢᠶᠠᠨ ᡂᠢ ᠶᠢ 253 ᠲᠦᠮᠡ ᠦᠢᠯᠡᠳᠪᠦᠷᠢᠯᠡᠪᠡ᠃ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠳᠡ 12094 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 0.2 %᠎ ᠢᠶᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 72 . 6 ᠳ᠋ᠦᠩᠰᠢᠭᠤᠷ ᠬᠢᠯᠦᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5 % ᠨᠡᠮᠡᠭᠳᠡᠪᠡ︔ ᠲᠣᠰᠣᠨ ᠤ ᠭᠠᠷᠤᠯᠲᠠ 61.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9 %᠎ ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠶᠢᠨ ᠭᠠᠷᠤᠯᠲᠠ 70.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2 %᠎ ᠢᠶᠠᠷ ᠨᠡᠮᠡᠭᠳᠡᠪᠡ᠃          ᠬᠤᠶᠠᠷ᠂ ᠪᠡᠯᠡ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠤᠢᠭᠡᠢ ᠰᠢᠯᠢᠳᠡᠭᠵᠢᠪᠡ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.2 %᠎ ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.3 %᠎ ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 9.2 %᠎ ᠢᠶᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58 %᠎ ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 7.8 ᠵᠠᠭᠤᠨ ᠤ ᠴᠡᠭ ᠳᠠᠶᠢᠴᠢᠯᠠᠪᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠦᠷᠭᠦᠯᠵᠢᠯᠡᠨ ᠬᠦᠴᠦᠯᠡᠵᠦ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.7 %᠎ ᠪᠠᠷ ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 53.6 %᠎ ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ 112.4 %᠎ ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠲᠣᠭᠲᠠᠭᠤᠨ ᠢᠶᠠᠷ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 23.4 %᠎ ᠪᠠᠷ ᠨᠡᠮᠡᠭᠳᠡᠪᠡ᠂ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.5 %᠎ ᠪᠠᠷ ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠴᠢᠩᠭᠠᠷᠠᠵᠤ᠂ ᠠᠳᠠᠯᠢ ᠬᠤᠭᠤᠴᠠᠭᠠᠨ ᠤ ᠬᠢ ᠠᠴᠠ 18 %᠎ ᠪᠠᠷ ᠨᠡᠮᠡᠭᠳᠡᠨ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 44.1 % ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 6.7 ᠵᠠᠭᠤᠨ ᠤ ᠨᠢᠭᠡᠴᠢ ᠳᠠᠶᠢᠴᠢᠯᠠᠪᠠ᠃       ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 31 . 1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 . 7 %᠎ ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15 .7 %᠎ ᠪᠠᠷ ᠨᠡᠮᠡᠭᠳᠡᠪᠡ᠃ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠶ᠋ᠯᠡᠳᠦᠯ ᠢᠯᠡᠷᠬᠡᠶ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 24.5 %᠎ ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡ ᠶᠢᠨ 21 . 2 %᠎ ᠢ ᠡᠵᠡᠯᠡᠪᠡ᠃       ᠳᠥᠷᠪᠡ᠂ ᠬᠠᠮᠢᠶ᠎ᠠ ᠪᠥᠬᠦᠶ ᠬᠦᠢᠴᠡᠳᠭᠡᠯ ᠲᠤᠭ᠎ᠠ ᠲᠣᠭᠲᠠᠭᠤᠨ ᠢᠶᠠᠷ ᠨᠡᠮᠡᠭᠳᠡᠪᠡ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ︵ᠠᠵᠤ  ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠲᠣᠮᠣ ᠡᠷᠦᠬᠡ ᠪᠠᠭᠲᠠᠬᠤ ᠥᠬᠡᠶ︶ 14 . 9 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1 %᠎ ᠪᠠᠷ ᠨᠡᠮᠡᠭᠳᠡᠪᠡ᠃ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 91.3 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.5 %᠎ ᠪᠠᠷ ᠨᠡᠮᠡᠭᠳᠡᠪᠡ︔ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 8331.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 .4 %᠎ ᠪᠠᠷ ᠪᠠᠭᠤᠷᠠᠪᠠ︔ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠲᠤᠭ᠎ᠠ 176.3 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31 . 2 %᠎ ᠢᠶᠠᠷ ᠨᠡᠮᠡᠭᠳᠡᠪᠡ︔ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ 0 .8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21 % ᠎ ᠪᠠᠷ ᠨᠡᠮᠡᠭᠳᠡᠪᠡ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 877 . 5 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0 . 5 %᠎ ᠪᠠᠷ ᠪᠠᠭᠤᠷᠠᠪᠠ︔ ᠮᠥᠩᠭᠦᠨ  ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ  ᠵᠦᠢᠯ ᠤᠨ ᠵᠢᠭᠡᠯᠡᠯᠭᠡ ᠶᠢᠨ ᠦᠯᠡᠳᠡᠪᠦᠷᠢ 462 . 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20 . 5 %᠎ ᠪᠠᠷ ᠨᠡᠮᠡᠭᠳᠡᠪᠡ᠃ ᠶᠡᠷᠦᠩᠬᠡᠶ ᠳᠤᠨᠢ ᠠᠪᠴᠤ ᠦᠵᠡᠪᠡᠯ᠂ 1—7 ᠳ᠋ᠤᠭᠠᠷ ᠰᠠᠷ᠎ᠠ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠭᠤᠤᠯ ᠪᠣᠯᠬᠤ ᠬᠦᠢᠴᠡᠳᠭᠡᠯ ᠲᠤᠭ᠎ᠠ ᠦᠷᠭᠦᠯᠵᠢᠯᠡᠨ ᠰᠠᠶᠢᠵᠢᠷᠠᠪᠠ᠃  ᠲᠠᠷᠠᠭᠠᠴᠢ ᠶᠢᠨ ᠱᠠᠲᠤᠨ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ