ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠪᠥᠬᠦ | ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ | ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ ᠳᠤᠬᠤᠨᠢᠭᠤᠯᠪᠠ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠬᠦᠳᠡᠭᠡ ᠠᠵᠤ | ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠥ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠥ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠥ | ᠲᠠᠷᠢᠶᠠᠴᠢᠨ ᠲᠦᠮᠡᠨ ᠳᠤ ᠮᠡᠳᠡᠷᠡᠭᠳᠡᠬᠦᠢ ᠪᠤᠳᠠᠳᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠋᠎ᠡ ᠠᠴᠠ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ | ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ | ᠰᠡᠳᠭᠢᠯ ᠠᠴᠠ ᠪᠠᠨ ᠳᠤᠬᠤᠨᠢᠭᠤᠯᠪᠠ᠃ | ᠰᠢ ᠶᠢᠨ ᠫᠢᠩ᠂ ᠡᠨᠡ ᠵᠢᠯ ᠪᠢᠳᠡ ᠨᠡᠯᠢᠶᠡᠳ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠵᠡᠷᠭᠡ ᠠᠰᠢᠭ ᠥᠬᠡᠶ ᠨᠥᠯᠥᠭᠡ ᠶᠢ ᠢᠯᠡᠨ ᠳᠠᠪᠠᠵᠤ᠂ ᠵᠣᠨ ᠤ ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠡᠷᠲᠡ ᠶᠢᠨ ᠲᠣᠳᠣᠷᠭ᠎ᠠ ᠶᠢᠨ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠵᠦ᠂ ᠪᠥᠬᠦ ᠵᠢᠯ ᠤᠨ ᠠᠮᠤ ᠪᠤᠳᠠᠭ᠎ᠠ | ᠳᠠᠬᠢᠨᠲᠠ ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠤᠯᠵᠦ᠂ ᠠᠵᠤ ᠠᠬᠤᠶ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠬᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ | ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠰᠠᠶᠢᠲᠤᠷ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠬᠦᠢ ᠪᠤᠳᠠᠳᠠᠢ ᠠᠰᠢᠭ ᠬᠦᠷᠲᠡᠭᠡᠬᠦ ᠬᠡᠷᠡᠭᠲᠡᠢ᠃ ᠥᠷᠭᠡᠨ ᠤᠯᠠᠨ ᠲᠠᠷᠢᠶᠠᠴᠢᠨ | ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠥᠳᠡᠯᠦᠯᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ | | | |