8 ᠰᠠᠷ᠎ᠠ ᠶᠢᠨ 31 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠨᠠᠷ ᠨᠠᠢᠮᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠢᠶᠠᠷ ᠲᠣᠭᠤᠷᠢᠨ ᠦᠵᠡᠪᠡ᠃ | ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠤᠮᠠᠷᠠᠲᠤ ᠬᠢᠯᠢ ᠶᠢᠨ ᠰᠣᠶᠣᠯ ᠤᠨ ᠲᠦᠷᠦᠯ | ᠲᠡᠮᠳᠡᠭ ᠢ ᠡᠭᠦᠳᠴᠦ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠵᠤ᠂ 20 ᠭᠠᠷᠤᠢ ᠤᠯᠤᠰ ᠪᠠ ᠭᠠᠵᠠᠷ ᠣᠷᠣᠨ᠂ | ᠪᠦᠭᠦ ᠤᠯᠤᠰ ᠤᠨ 25 ᠮᠤᠵᠢ ︵ᠣᠷᠣᠨ᠂ ᠬᠤᠳᠠ︶ ᠠᠴᠠ ᠢᠷᠡᠭᠰᠡᠨ 500 ᠭᠠᠷᠤᠢ ᠠᠵᠤ ᠠᠬᠤᠶᠢᠯᠠᠯ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ | ᠣᠷᠣᠯᠴᠠᠪᠠ᠃ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ | ᠦᠵᠡᠭᠦᠯᠭᠡ ᠶᠢᠨ ᠲᠣᠭᠤᠷᠢᠭ᠂ ᠠᠶᠢᠮᠠᠭ ᠬᠤᠲᠠ ᠶᠢᠨ ᠰᠣᠶᠣᠯ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠣᠷᠣᠨ ᠤ ᠬᠠᠷᠢᠶ᠎ᠠ ᠪᠦᠬᠦᠢ | ᠰᠣᠶᠣᠯ ᠤᠨ ᠠᠵᠤ ᠠᠬᠤᠶᠢᠯᠠᠯ ᠤᠨ ᠦᠵᠡᠭᠦᠯᠭᠡ ᠶᠢᠨ ᠲᠣᠭᠤᠷᠢᠭ᠂ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ | ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠵᠡᠷᠭᠡ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ | ᠦᠢᠯᠡᠳᠬᠦᠨ ᠢ ᠨᠡᠭᠡᠭᠡᠨ ᠬᠥᠭᠵᠢᠭᠦᠯᠬᠦ᠂ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠰᠣᠶᠣᠯ ᠤᠨ ᠠᠵᠤ | ᠦᠢᠯᠡᠰ ᠤᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠭᠦᠢᠴᠡᠳ ᠢᠯᠡᠷᠡᠭᠦᠯᠪᠡ᠃ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ | ᠣᠷᠣᠯᠴᠠᠬᠰᠠᠨ ᠡᠯ᠎ᠡ ᠰᠣᠶᠣᠯ ᠤᠨ ᠠᠵᠤ ᠠᠬᠤᠶᠢᠯᠠᠯ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠰᠢᠨ᠎ᠡ ᠮᠠᠶ᠋ᠢᠭ ᠤᠨ ᠰᠣᠶᠣᠯ ᠤᠨ | ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ ᠬᠥᠭᠵᠢᠭᠦᠯᠵᠦ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠡᠯᠪᠡᠭ | ᠬᠤᠷᠢᠶᠠᠯᠲᠠ ᠶᠢ ᠣᠯᠵᠠᠢ᠃ | | | |