— ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ | ᠳᠡᠭᠡᠷᠡᠬᠢ ᠭᠤᠣᠯ ᠵᠣᠷᠢᠯᠲᠠᠲᠤ ᠶᠠᠷᠢᠶ᠎ᠠ | ︵2024 ᠣᠨ ᠤ 9 ᠰᠠᠷ᠎ᠠ ᠶᠢᠨ 5 ᠤ ᠡᠳᠦᠷ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠹᠠᠶᠧ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ ᠵᠢᠶᠠᠽᠸᠠᠨᠢ᠂ | ᠬᠦᠨᠳᠦᠲᠦ ᠡᠯ᠎ᠡ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ᠂ | ᠬᠦᠨᠳᠦᠲᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ ᠠᠪᠤᠭᠠᠢ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ᠂ | ᠨᠠᠶᠢᠵᠠ ᠨᠠᠷ ᠠ᠋᠂ ᠡᠷᠬᠢᠮ ᠵᠣᠴᠢᠳ ᠠ᠋᠄ | ᠴᠡᠴᠡᠭ ᠳᠡᠯᠭᠡᠷᠡᠨ ᠦᠷ᠎ᠡ ᠰᠠᠭᠤᠵᠤ᠂ ᠠᠯᠢᠪᠠ ᠪᠥᠬᠦᠨ ᠡᠯᠪᠡᠭ ᠳᠡᠯᠪᠡᠭ᠃ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ | ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ | ᠵᠥᠪᠳᠡᠯᠴᠡᠬᠦ ᠪᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕ | ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠳᠠᠯᠠᠢ ᠶᠢ ᠳᠠᠪᠠᠵᠤ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ 2000 | ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ | ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠶᠢᠨ ᠠᠴᠠ ᠨᠠᠭᠠᠰᠢ | ᠳᠤᠮᠳᠠᠳᠤ ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ ᠭᠠᠷ ᠬᠤᠯᠪᠣᠨ | ᠤᠷᠤᠭᠰᠢᠯᠠᠪᠠ᠃ ᠪᠢᠳᠡ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ | ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ | ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ | ᠲᠦᠮᠡᠨ ᠳᠤ ᠠᠰᠢᠭ ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ | ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ | ᠳᠡᠮᠵᠢᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ᠃ | 70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠬᠠᠨ | ᠴᠠᠭ ᠦᠶ᠎ᠡ ᠳᠡᠭᠡᠨ ᠬᠦᠷᠴᠦ ᠢᠷᠡᠯ᠎ᠡ᠃ ᠢᠷᠡᠭᠡᠳᠦᠢ ᠳᠤ ᠬᠠᠨᠳᠤᠵᠤ ᠪᠢ ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ | ᠪᠦᠬᠦᠶᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂ | ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠥᠬᠦᠨ ᠤ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠬᠦᠷᠲᠡᠯ᠎ᠡ ᠳᠡᠭᠡᠭᠰᠢᠯᠡᠭᠦᠯᠬᠦ ᠶᠢ ᠰᠠᠨᠠᠭᠠᠴᠢᠯᠠᠵᠤ ᠪᠠᠶᠢᠨ᠎ᠠ︕ | ᠨᠠᠶᠢᠵᠠ ᠨᠠᠷ ᠠ᠋᠂ ᠡᠷᠬᠢᠮ ᠵᠣᠴᠢᠳ ᠠ᠋︕ | ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠃ ᠥᠷᠥᠨᠡᠳᠠᠬᠢᠨ ᠤ ᠣᠳᠣᠬᠢᠴᠢᠯᠠᠯᠲᠠ ᠶᠢᠨ | ᠠᠬᠢᠴᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠶᠤᠮ᠃ ᠳᠡᠯᠡᠬᠡᠢ ᠶᠢᠨ ᠬᠤᠶᠠᠳᠤᠭᠠᠷ | ᠳᠠᠶᠢᠨ ᠳᠠᠭᠤᠰᠤᠭᠰᠠᠨ ᠤ ᠳᠠᠷᠠᠭ᠎ᠠ ᠳᠤᠮᠳᠠᠳᠤ ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ | ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ᠂ ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ ᠪᠤᠰᠤ ᠪᠠᠶᠢᠳᠠᠯ ᠢ ᠲᠠᠰᠤᠷᠠᠯᠲᠠ ᠦᠭᠡᠢ | ᠵᠠᠯᠠᠷᠠᠭᠤᠯᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ 75 ᠵᠢᠯ ᠤᠨ ᠣᠢ ᠪᠠᠨ ᠤᠭᠲᠤᠬᠤ ᠪᠣᠯᠣᠨ᠎ᠠ᠃ ᠶᠠᠭ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ | ᠭᠤᠶᠢᠪᠢᠰᠢ ᠦᠭᠡᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ᠂ ᠠᠹᠷᠢᠺᠠ ᠲᠢᠪ ᠤᠨ | ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ | ᠤᠷᠤᠭᠰᠢᠯᠠᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ | ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ ᠪᠣᠯᠭᠠᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃ | — ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ | ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ | ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ ᠳᠡᠮᠵᠢᠵᠦ᠂ ᠡᠯ᠎ᠡ ᠤᠯᠤᠰ ᠤᠨ ᠡᠷᠬᠡ ᠠᠰᠢᠭ | ᠨᠢ ᠲᠥᠪ ᠭᠤᠣᠯᠴᠢ᠂ ᠠᠵᠠ ᠲᠣᠬᠢᠶᠠᠯ ᠨᠢ ᠲᠥᠪ ᠭᠤᠣᠯᠴᠢ ᠪᠠᠶᠢᠬᠤ ᠶᠢ ᠪᠠᠲᠤᠯᠠᠨ᠎ᠠ᠃ | — ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ | ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ | ᠯᠤᠭ᠎ᠠ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠣᠢ ᠪᠣᠯᠭᠠᠵᠤ᠂ ᠪᠥᠬᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ ᠴᠢᠯᠦᠭᠡ ᠲᠠᠢ ᠪᠥᠬᠦ ᠲᠠᠯ᠎ᠠ ᠶᠢᠨ | ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ | ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ | ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ | ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ᠂ | ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ | ᠣᠯᠬᠤ ᠶᠢ ᠬᠠᠮᠲᠤ ᠪᠠᠷ ᠠᠬᠢᠭᠤᠯᠤᠨ᠎ᠠ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ | ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ | ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ | ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ | ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ | ᠢᠶᠠᠨ ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠩ | ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ | ᠰᠠᠶᠢᠨ ᠦᠢᠯᠡᠳᠦᠯᠴᠡᠯ ᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ | ᠨᠠᠶᠢᠵᠠ ᠨᠠᠷ ᠠ᠋᠂ ᠡᠷᠬᠢᠮ ᠵᠣᠴᠢᠳ ᠠ᠋︕ | ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ ᠡᠵᠡᠯᠡᠨ᠎ᠡ᠂ ᠳᠤᠮᠳᠠᠳᠤ ᠠᠹᠷᠢᠺᠠ ᠶᠢᠨ | ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ ᠪᠠᠶᠢᠵᠤ ᠴᠢᠳᠠᠬᠤ ᠦᠭᠡᠢ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ᠂ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ᠃ | ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ | ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ | ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ᠃ ᠠᠹᠷᠢᠺᠠ ᠲᠢᠪ ᠤᠨ ᠤᠳᠤᠷᠢᠳᠬᠤ | ᠬᠦᠴᠦᠨ ᠤ ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ᠂ ᠠᠹᠷᠢᠺᠠ ᠲᠢᠪ ᠤᠨ 1000 | ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ᠂ ᠬᠤᠶᠠᠷ ᠲᠠᠯ᠎ᠠ ᠶᠢᠨ ᠨᠠᠮ ᠢ ᠵᠠᠰᠠᠵᠤ ᠲᠦᠷᠦ ᠶᠢ ᠵᠠᠰᠠᠬᠤ | ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ | ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ | ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠩᠬᠠᠳᠠᠭᠴᠢ ᠬᠥᠭᠵᠢᠵᠦ ᠪᠠᠶᠢᠭ᠎ᠠ ᠲᠣᠮᠣ | ᠤᠯᠤᠰ ᠪᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ | ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠥᠷᠭᠡᠳᠬᠡᠵᠦ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ ᠠᠹᠷᠢᠺᠠ ᠶᠢᠨ ᠶᠠᠰᠤ | ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ | ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ | ᠤᠷᠳᠤ ᠬᠤᠭᠤᠴᠠᠭᠠᠨ ᠤ᠂ ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃ | ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ | ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ | ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠴᠢᠳᠠᠯ ᠣᠯᠭᠤᠬᠤ | ᠲᠥᠯᠥᠪᠯᠡᠭᠡ︾ ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ᠂ | ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ ᠤᠭᠲᠤᠨ᠎ᠠ᠃ | ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠶᠢ ᠭᠠᠷ ᠬᠤᠯᠪᠣᠨ ᠠᠬᠢᠭᠤᠯᠵᠤ᠂ ᠬᠠᠭᠤᠷᠠᠢ ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ | ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ | ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ | ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ | ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ ᠮᠥᠩᠭᠦ ᠳᠤ ᠪᠡᠯᠡ ᠣᠷᠣᠭᠤᠯᠵᠤ᠂ ᠠᠹᠷᠢᠺᠠ ᠲᠢᠪ ᠤᠨ ᠬᠥᠭᠵᠢᠯᠲᠡ ᠳᠤ | ᠬᠦᠴᠦᠨ ᠨᠡᠮᠡᠷᠢᠯᠡᠨ᠎ᠡ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ | ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ | ᠬᠦᠷᠲᠡᠭᠡᠨ᠎ᠡ᠃ | ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ | ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ | ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ | ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ᠂ ᠠᠹᠷᠢᠺᠠ ᠲᠢᠪ ᠲᠤ | ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠠᠹᠷᠢᠺᠠ ᠲᠢᠪ ᠲᠤ 10 | ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ 500 ᠲᠥᠷᠥᠯ | ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ | ᠪᠣᠰᠬᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ᠂ ᠠᠹᠷᠢᠺᠠ ᠲᠢᠪ ᠲᠤ 100 ᠲᠦᠮᠡ ᠠᠴᠠ ᠳᠡᠭᠡᠭᠰᠢ | ᠠᠵᠢᠯ ᠤᠨ ᠪᠠᠶᠢᠷᠢ ᠡᠭᠦᠳᠴᠦ ᠥᠭᠭᠦᠨ᠎ᠡ᠃ | ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ︽ᠢᠷᠡᠭᠡᠳᠦᠢ ᠶᠢᠨ | ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ | ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ᠃ ᠳᠤᠮᠳᠠᠳᠤ ᠠᠹᠷᠢᠺᠠ ᠶᠢᠨ ︽ | ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠺᠢᠨᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ | ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ᠃ ᠬᠤᠶᠠᠷ ᠲᠠᠯ᠎ᠠ ᠪᠠᠷ ᠢᠶᠠᠨ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ | ᠰᠣᠯᠢᠯᠴᠠᠭᠠᠨ ᠤ ᠣᠨ︾ ᠢᠶᠠᠷ ᠲᠣᠭᠲᠠᠭᠠᠪᠠ᠃ | ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ | ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ | ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ | ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ | ᠪᠠᠶᠢᠭᠤᠯᠵᠤ᠂ 30 ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ | ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠨ᠎ᠡ᠃ | ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ | ᠣᠷᠣᠨ ᠢ ᠪᠠᠶᠢᠭᠤᠯᠵᠤ᠂ ᠠᠹᠷᠢᠺᠠ ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ ᠦᠭᠡᠢ ᠴᠡᠷᠢᠭ ᠤᠨ ᠶᠠᠪᠤᠳᠠᠯ ᠤᠨ | ᠲᠤᠰᠠᠯᠠᠮᠵᠢ ᠬᠠᠩᠭᠠᠵᠤ᠂ ᠠᠹᠷᠢᠺᠠ ᠲᠢᠪ ᠤᠨ ᠬᠢᠨ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ ᠬᠠᠤᠯᠢ | ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠵᠤ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ | ᠠᠹᠷᠢᠺᠠ ᠶᠢᠨ ᠴᠡᠷᠢᠭ ᠠᠩᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ︽ | ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ ᠠᠵᠢᠯᠲᠠᠨ ᠪᠠ ᠲᠦᠷᠦᠯ ᠵᠦᠢᠯ ᠤᠨ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠨ᠎ᠠ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 ᠵᠢᠯ ᠳᠤ ᠳᠤᠮᠳᠠᠳᠤ ᠤᠯᠤᠰ ᠤᠨ ᠵᠠᠰᠠᠭ ᠤᠨ | ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ | ᠲᠥᠭᠦᠷᠢᠭ ᠤᠨ ᠠᠷᠠᠳ ᠤᠨ ᠵᠣᠭᠤᠰ ᠤᠨ ᠡᠯ᠎ᠡ ᠲᠦᠷᠦᠯ ᠤᠨ ᠲᠤᠰᠠᠯᠠᠮᠵᠢ ᠶᠢ ᠬᠠᠩᠭᠠᠬᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠹᠷᠢᠺᠠ ᠲᠢᠪ ᠲᠠᠬᠢ | ᠪᠡᠯᠡ ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠠᠴᠠ ᠪᠠᠭ᠎ᠠ ᠦᠭᠡᠢ ᠪᠠᠶᠢᠬᠤ ᠶᠢ ᠠᠬᠢᠭᠤᠯᠬᠤ ᠶᠢ ᠪᠠᠭᠲᠠᠭᠠᠭᠰᠠᠨ 3600 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠬᠢᠨ ᠤ | ᠳᠤᠮᠳᠠᠳᠤ ᠤᠯᠤᠰ ᠲᠤ ︽ᠮᠠᠯᠤᠷ ᠦᠳᠡᠭᠡ ᠵᠢᠭᠡᠯᠡᠯᠭᠡ ᠶᠢᠨ ᠲᠡᠮᠳᠡᠭᠲᠦ︾ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠᠳᠤ ᠠᠹᠷᠢᠺᠠ ᠶᠢᠨ ᠡᠯ᠎ᠡ | ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ᠃ | ᠨᠠᠶᠢᠵᠠ ᠨᠠᠷ ᠠ᠋᠂ ᠡᠷᠬᠢᠮ ᠵᠣᠴᠢᠳ ᠠ᠋︕ | ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ | ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ | ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ᠃ | ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ | ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ | ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ | ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ | ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ | ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠵᠠᠭᠠᠶ᠎ᠠ︕ | ᠪᠠᠶᠠᠷᠯᠠᠯ᠎ᠠ᠃ | | | |