| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ | ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ ᠶᠡᠭᠡ ᠬᠤᠷᠠᠯ ᠳᠤ ᠵᠠᠬᠢᠳᠠᠯ ᠢᠯᠡᠭᠡᠵᠦ ᠂ ᠪᠦᠭᠦ ᠤᠯᠤᠰ ᠤᠨ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠳᠤ ᠮᠡᠨᠳᠦᠴᠢᠯᠡᠯ | ᠳᠡᠪᠰᠢᠭᠦᠯᠦᠭᠰᠡᠨ ᠪᠥᠭᠡᠳ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠢ ᠰᠠᠶᠢᠲᠤᠷ ᠬᠢᠬᠦ ᠳᠤ ᠬᠦᠰᠡᠯ ᠳᠤᠷᠠᠳᠤᠭᠰᠠᠨ ᠪᠠᠶᠢᠨ᠎ᠠ ᠃ | ᠰᠢ ᠶᠢᠨ ᠫᠢᠩ ᠵᠠᠬᠢᠳᠠᠯ ᠳᠠᠭᠠᠨ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ | ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠶᠡᠭᠡ ᠬᠡᠮᠵᠢᠶᠡᠨ ᠤ ᠠᠵᠢᠯ ᠬᠢᠵᠦ ᠂ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ | ᠪᠠᠷᠢᠮᠲᠠᠯᠠᠵᠤ ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ | ᠠᠯᠬᠤᠮ ᠴᠢᠩᠭᠠᠳᠬᠠᠵᠤ ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ ᠂ ᠬᠠᠤᠯᠢ ᠶᠢᠨ ᠤᠬᠠᠭᠠᠨ ᠤ ᠰᠤᠳᠤᠯᠭᠠᠨ ᠢ | ᠬᠥᠭᠵᠢᠭᠦᠯᠬᠦ ᠂ ᠬᠠᠤᠯᠢ ᠪᠠᠷ ᠵᠠᠰᠠᠬᠤ ᠦᠢᠯᠡᠳᠦᠯᠭᠡ ᠳᠤ ᠦᠢᠯᠡᠴᠢᠯᠡᠬᠦ ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ ᠂ ᠬᠠᠤᠯᠢ ᠪᠠᠷ ᠵᠠᠰᠠᠬᠤ | ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠬᠠᠤᠯᠢ ᠶᠢᠨ ᠤᠬᠠᠭᠠᠨ ᠤ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠃ ᠥᠷᠭᠡᠨ ᠤᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠨ ᠬᠠᠤᠯᠢ ᠪᠠᠷ ᠵᠠᠰᠠᠬᠤ ᠢᠲᠡᠭᠡᠯ ᠢᠶᠠᠨ | ᠪᠠᠲᠤᠳᠬᠠᠵᠤ ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠢ | ᠣᠷᠣᠯᠴᠠᠵᠤ ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠬᠠᠤᠯᠢ ᠶᠢᠨ ᠤᠬᠠᠭᠠᠨ ᠤ | ᠨᠡᠶᠢᠭᠡᠮᠯᠢᠭ ᠲᠠᠬᠢ ᠤᠳᠤᠷᠢᠳᠤᠯᠭ᠎ᠠ ᠪᠠᠨ ᠴᠢᠩᠭᠠᠳᠬᠠᠵᠤ ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠠᠤᠯᠢ ᠶᠣᠰᠣᠭᠠᠷ ᠳᠦᠷᠢᠮ ᠲᠣᠭᠲᠠᠭᠠᠯ ᠶᠣᠰᠣᠭᠠᠷ | ᠠᠵᠢᠯ ᠢᠶᠠᠨ ᠥᠷᠨᠢᠭᠦᠯᠬᠦ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ | ᠶᠡᠭᠡ ᠬᠤᠷᠠᠯ 10 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠵᠦ ᠂ ᠬᠤᠷᠠᠯ ᠳᠡᠭᠡᠷ᠎ᠡ ᠰᠢ ᠶᠢᠨ ᠫᠢᠩ ᠤᠨ ᠢᠯᠡᠭᠡᠭᠰᠡᠨ ᠵᠠᠬᠢᠳᠠᠯ ᠢ ᠤᠯᠠᠮᠵᠢᠯᠠᠨ ᠳᠠᠮᠵᠢᠭᠤᠯᠪᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠴᠧᠨ ᠸᠧᠨ ᠴᠢᠩ ᠡᠭᠢᠯᠡᠯᠲᠡ ᠶᠢᠨ ᠶᠣᠰᠣᠯᠠᠯ ᠳᠡᠭᠡᠷ᠎ᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ | ᠬᠡᠯᠡᠪᠡ ᠃ ᠲᠡᠷᠡ ᠂ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠤᠯᠤᠰ ᠲᠦᠷᠦ ᠶᠢᠨ | ᠵᠢᠯᠣᠭᠤᠳᠤᠯᠭ᠎ᠠ ᠪᠠᠨ ᠴᠢᠩᠭᠠᠳᠬᠠᠵᠤ ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠰᠠᠬᠢᠯᠭ᠎ᠠ ᠪᠠᠲᠤ ᠣᠪᠣᠷ ᠰᠤᠷᠲᠠᠯ ᠢᠶᠠᠨ | ᠴᠢᠩᠭᠠᠳᠬᠠᠵᠤ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠤᠷᠤᠭᠰᠢᠯᠠᠨ ᠲᠠᠪᠰᠢᠵᠤ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠂ ᠨᠡᠩ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠃ ᠥᠷᠭᠡᠨ ᠣᠯᠠᠨ ᠬᠠᠤᠯᠢ ᠶᠢᠨ ᠤᠬᠠᠭᠠᠨ ᠬᠠᠤᠯᠢ ᠴᠠᠭᠠᠵᠠ ᠶᠢᠨ ᠠᠵᠢᠯᠲᠠᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ ᠂ ᠬᠠᠤᠯᠢ ᠪᠠᠷ ᠵᠠᠰᠠᠬᠤ ᠢᠲᠡᠭᠡᠯ ᠢᠶᠠᠨ ᠪᠠᠲᠤᠳᠬᠠᠵᠤ ᠂ | ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ ᠂ ᠠᠷᠠᠳ ᠲᠦᠮᠡᠨ ᠳᠤ ᠦᠢᠯᠡᠴᠢᠯᠡᠵᠦ ᠂ ᠬᠠᠤᠯᠢ ᠶᠢᠨ ᠤᠬᠠᠭᠠᠨ ᠤ ᠰᠤᠳᠤᠯᠭᠠᠨ ᠢ ᠭᠦᠨᠵᠡᠭᠡᠶᠢᠷᠡᠭᠦᠯᠦᠨ | ᠥᠷᠨᠢᠭᠦᠯᠵᠦ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠬᠠᠤᠯᠢ ᠶᠢ ᠴᠢᠩᠭ᠎ᠠ ᠬᠡᠷᠡᠭᠵᠢᠭᠦᠯᠬᠦ ᠂ ᠲᠥᠪ ᠭᠤᠤᠯᠴᠢ ᠪᠠᠷ ᠬᠠᠤᠯᠢ ᠪᠠᠷᠢᠬᠤ ᠂ ᠪᠦᠭᠦ | ᠠᠷᠠᠳ ᠢᠶᠠᠷ ᠢᠶᠠᠨ ᠬᠠᠤᠯᠢ ᠶᠢ ᠰᠠᠬᠢᠬᠤ ᠶᠢᠨ ᠲᠣᠭᠤᠷᠢᠨ ᠳᠤ ᠯᠠᠪᠳᠠᠭᠤᠨ ᠪᠠᠲᠤᠲᠠᠢ ᠠᠵᠢᠯᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠬᠦᠰᠡᠵᠦ ᠪᠠᠶᠢᠨ᠎ᠠ ᠭᠡᠪᠡ ᠃ | ᠸᠠᠩ ᠰᠢᠶᠣᠣ ᠬᠤᠩ ᠂ ᠵᠠᠩ ᠴᠢᠩ ᠸᠧᠢ ᠂ ᠵᠠᠩ ᠵᠢᠶᠦ᠋ᠨ ᠂ ᠶᠢᠩ ᠶᠦᠩ ᠂ ᠾᠧ ᠪᠦᠦ ᠰᠢᠶᠠᠩ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ ᠃ | ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ ᠸᠠᠩ ᠴᠧᠨ ᠬᠤᠷᠠᠯ ᠢ ᠡᠷᠭᠢᠯᠡᠭᠰᠡᠨ ᠪᠥᠭᠡᠳ | ᠨᠠᠢᠮᠠᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠪᠡ ᠃ | ᠬᠤᠷᠠᠯ ᠠᠴᠠ ᠪᠦᠭᠦ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ | ᠬᠥᠬᠢᠭᠦᠯᠦᠨ ᠰᠠᠶᠢᠰᠢᠶᠠᠪᠠ ᠃ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠭᠡᠰᠢᠭᠦᠨ ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ | ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠭᠦ ᠲᠥᠯᠥᠭᠡᠯᠡᠭᠴᠢ ᠡᠭᠢᠯᠡᠯᠲᠡ ᠶᠢᠨ | ᠶᠣᠰᠣᠯᠠᠯ ᠳᠤ ᠣᠷᠣᠯᠴᠠᠪᠠ ᠃ | | | | | |