| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 13 ᠤ ᠴᠠᠭᠢᠯᠭᠠᠨ ᠮᠡᠳᠡᠭᠡ 1 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ ᠃ | | | | 1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | | | ᠮᠢᠴᠧᠯ ᠲᠥᠪᠡᠳ ᠤᠨ ᠲᠢᠩᠷᠢ ᠳᠤ ᠭᠠᠵᠠᠷ ᠬᠥᠳᠡᠯᠦᠭᠰᠡᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠢ ᠴᠢᠩ | ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠂ ᠡᠨᠡ ᠤᠳᠠᠭ᠎ᠠ ᠶᠢᠨ ᠭᠠᠵᠠᠷ | ᠬᠥᠳᠡᠯᠦᠯᠲᠡ ᠨᠢ ᠳᠤᠮᠳᠠᠳᠤ ᠤᠯᠤᠰ ᠤᠨ ᠪᠠᠷᠠᠭᠤᠨ ᠡᠮᠦᠨᠡᠲᠦ ᠶᠢᠨ ᠡᠷᠭᠦᠭᠳᠡᠴᠡ ᠪᠠᠷ ᠥᠨᠳᠥᠷ ᠭᠠᠵᠠᠷ ᠣᠷᠣᠨ ᠳᠤ ᠡᠭᠦᠰᠴᠦ ᠂ ᠳᠤᠮᠳᠠᠳᠤ ᠤᠯᠤᠰ ᠬᠠᠮᠤᠭ ᠤᠨ | ᠣᠬᠤᠷ ᠬᠤᠭᠤᠴᠠᠭᠠᠨ ᠳᠤ ᠠᠪᠤᠷᠠᠨ ᠲᠤᠰᠠᠯᠠᠬᠤ ᠪᠠ ᠲᠦᠷ ᠴᠠᠭ ᠲᠥᠪᠬᠢᠨᠡᠭᠦᠯᠬᠦ ᠠᠵᠢᠯ ᠢ ᠪᠡᠶᠡᠯᠡᠭᠦᠯᠦᠭᠰᠡᠨ ᠪᠥᠭᠡᠳ ᠪᠠᠰᠠ ᠬᠠᠮᠤᠭ ᠤᠨ ᠣᠬᠤᠷ | ᠬᠤᠭᠤᠴᠠᠭᠠᠨ ᠳᠤ ᠳᠠᠭᠢᠨ ᠪᠦᠲᠦᠭᠡᠨ ᠪᠠᠶᠢᠭᠤᠯᠤᠯᠲᠠ ᠬᠢᠬᠦ ᠪᠣᠯᠣᠨ᠎ᠠ ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠢᠯᠠᠯᠲᠠ ᠶᠢ | ᠣᠯᠬᠤ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠢᠲᠡᠭᠡᠯ ᠲᠠᠢ ᠪᠥᠭᠡᠳ ᠴᠢᠳᠠᠪᠤᠷᠢ ᠲᠠᠢ ᠶᠤᠮ ᠭᠡᠵᠦ ᠵᠢᠭᠠᠵᠤ ᠭᠠᠷᠭᠠᠪᠠ ᠃ | | | | 1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | | | ᠰᠢ ᠶᠢᠨ ᠫᠢᠩ᠂ ᠣᠶᠢᠷ᠎ᠠ ᠶᠢᠨ ᠵᠢᠯ ᠠᠴᠠ ᠨᠠᠭᠠᠰᠢ ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠵᠦ ᠂ ᠬᠤᠶᠠᠷ ᠲᠠᠯ᠎ᠠ ᠪᠠᠷ ᠢᠶᠠᠨ | ᠬᠠᠷᠢᠯᠴᠠᠨ ᠭᠦᠨᠳᠦᠳᠭᠡᠵᠦ ᠂ ᠡᠷᠬᠡ ᠲᠡᠭᠰᠢ ᠪᠠᠷ ᠬᠠᠨᠳᠤᠯᠴᠠᠵᠤ ᠂ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ ᠂ ᠡᠯ᠎ᠡ ᠬᠦᠷᠢᠶᠡᠨ ᠳᠠᠬᠢ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ ᠂ ᠠᠷᠠᠳ ᠲᠦᠮᠡᠨ ᠤ ᠬᠤᠭᠤᠷᠤᠨᠳᠤᠭᠢ ᠨᠥᠬᠦᠷᠯᠡᠯ ᠡᠳᠦᠷ ᠢᠷᠡᠬᠦᠶ᠎ᠡ | ᠭᠦᠨᠵᠡᠭᠡᠶᠢᠷᠡᠭᠰᠡᠨ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠳᠤᠮᠳᠠᠳᠤ ᠭᠷᠧᠨᠡᠳᠡ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢ ᠬᠠᠮᠠᠭᠠᠯᠠᠨ ᠬᠥᠭᠵᠢᠭᠦᠯᠬᠦ ᠨᠢ ᠳᠤᠮᠳᠠᠳᠤ ᠭᠷᠧᠨᠡᠳᠡ ᠬᠤᠶᠠᠷ ᠤᠯᠤᠰ ᠪᠣᠯᠣᠨ ᠬᠤᠶᠠᠷ | ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠰᠡᠷᠭᠦᠭᠡᠭᠰᠡᠨ 20 ᠵᠢᠯ ᠤᠨ | ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢᠨ | ᠤᠷᠳᠤ ᠬᠤᠭᠤᠴᠠᠭᠠᠨ ᠤ ᠥᠨᠳᠥᠷ ᠲᠦᠪᠰᠢᠨ ᠪᠦᠬᠦᠢ ᠬᠥᠭᠵᠢᠯᠲᠡ ᠳᠤ ᠰᠢᠨ᠎ᠡ ᠵᠢᠷᠤᠭ ᠲᠥᠰᠥᠪ ᠢ ᠵᠢᠷᠤᠭᠯᠠᠶ᠎ᠠ ᠃ ᠳᠤᠮᠳᠠᠳᠤ ᠤᠯᠤᠰ ᠭᠷᠧᠨᠡᠳᠡ ᠶᠢᠨ ᠬᠢᠨ ᠤ | ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠥ ᠂ ᠳᠤᠷᠠᠲᠠᠶ᠎ᠠ ᠭᠷᠧᠨᠡᠳᠡ ᠯᠤᠭ᠎ᠠ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠡᠯ᠎ᠡ ᠬᠦᠷᠢᠶᠡᠨ ᠳᠠᠬᠢ ᠨᠥᠭᠦᠷᠰᠡᠭ ᠶᠠᠪᠤᠯᠴᠠᠭ᠎ᠠ ᠪᠠᠨ | ᠨᠢᠭᠲᠠᠷᠠᠭᠤᠯᠤᠨ᠎ᠠ ᠃ ᠳᠤᠮᠳᠠᠳᠤ ᠤᠯᠤᠰ ᠤᠨ ᠬᠥᠭᠵᠢᠯᠲᠡ ᠨᠢ ᠭᠷᠧᠨᠡᠳᠡ ᠶᠢ ᠪᠠᠭᠲᠠᠭᠠᠭᠰᠠᠨ ᠡᠯ᠎ᠡ ᠤᠯᠤᠰ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ | ᠠᠪᠴᠢᠷᠠᠵᠤ ᠥᠭᠬᠦ ᠪᠣᠯᠣᠨ᠎ᠠ ᠂ ᠳᠤᠷᠠᠲᠠᠶ᠎ᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠭᠷᠧᠨᠡᠳᠡ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠠᠪᠰᠤᠷᠤᠯᠭ᠎ᠠ ᠬᠠᠩᠭᠠᠵᠤ ᠂ ᠰᠢᠨ᠎ᠡ ᠡᠨᠧᠷᠭᠢ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠂ ᠲᠣᠭᠠᠴᠢᠯᠠᠭᠰᠠᠨ ᠠᠵᠤ ᠠᠬᠤᠢ | ᠵᠡᠷᠭᠡ ᠬᠦᠷᠢᠶᠡᠨ ᠳᠤ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠭᠢᠯᠠᠰ ᠴᠡᠭ ᠢ ᠪᠤᠢ ᠪᠣᠯᠭᠠᠨ᠎ᠠ ᠃ ᠳᠤᠮᠳᠠᠳᠤ ᠤᠯᠤᠰ ᠭᠷᠧᠨᠡᠳᠡ ᠶᠢᠨ ᠬᠢᠨ ᠤ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠲᠡᠮᠵᠢᠵᠥ ᠂ ᠳᠤᠷᠠᠲᠠᠶ᠎ᠠ | ᠳᠡᠯᠡᠬᠡᠢ ᠨᠡᠶᠢᠭᠡᠮ ᠤᠨ ᠬᠢᠨ ᠤ ᠵᠢᠵᠢᠭ ᠠᠷᠠᠯᠲᠤ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠠᠰᠠᠭᠤᠳᠠᠯ ᠳᠡᠭᠡᠷᠡᠬᠢ ᠠᠩᠬᠠᠷᠤᠯ ᠪᠠ ᠬᠦᠰᠡᠯ | ᠱᠠᠭᠠᠷᠳᠠᠯᠭ᠎ᠠ ᠶᠢ ᠦᠷᠭᠦᠯᠵᠢᠯᠡᠨ ᠴᠢᠬᠤᠯᠠᠴᠢᠯᠠᠨ ᠦᠵᠡᠬᠦ ᠶᠢ ᠠᠬᠢᠭᠤᠯᠤᠨ᠎ᠠ ᠃ ᠬᠤᠶᠠᠷ ᠲᠠᠯ᠎ᠠ ᠪᠠᠷ ᠢᠶᠠᠨ ᠪᠠᠰᠠ ᠬᠥᠮᠥᠰ ᠤᠨ ᠶᠠᠪᠤᠯᠴᠠᠭ᠎ᠠ ᠪᠠᠨ ᠨᠢᠭᠲᠠᠷᠠᠭᠤᠯᠵᠤ ᠂ | ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠷᠠᠳ ᠤᠨ ᠰᠡᠳᠬᠢᠯ ᠤᠨ | ᠨᠡᠪᠲᠡᠷᠡᠯᠴᠡᠭᠡ ᠶᠢ ᠤᠯᠠᠮ ᠨᠢᠭᠡ ᠠᠯᠬᠤᠮ ᠠᠬᠢᠭᠤᠯᠤᠶ᠎ᠠ ᠃ ᠳᠤᠮᠳᠠᠳᠤ ᠤᠯᠤᠰ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ ᠂ ᠲᠦᠭᠡᠮᠡᠯ | ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ ᠂ ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠤᠯᠤᠰ ᠺᠠᠷᠢᠪᠧ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠳᠤᠷᠠᠲᠠᠶ᠎ᠠ ᠦᠷᠭᠦᠯᠵᠢᠯᠡᠨ ᠲᠤᠰ ᠭᠠᠵᠠᠷ ᠣᠷᠣᠨ ᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ | ᠬᠠᠩᠭᠠᠵᠤ ᠂ ᠬᠤᠶᠠᠷ ᠲᠠᠯ᠎ᠠ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ ᠃ | ᠮᠢᠴᠧᠯ ᠨᠢᠳᠤᠨᠤᠨ ᠤ 7 ᠰᠠᠷ᠎ᠠ ᠳᠤ ᠭᠷᠧᠨᠡᠳᠡ ᠣᠨᠴᠠ ᠶᠡᠭᠡ ᠬᠠᠷ᠎ᠠ ᠰᠠᠯᠬᠢᠨ ᠳᠤ ᠳᠠᠭᠠᠷᠢᠬᠳᠠᠬᠰᠠᠨ ᠤ ᠳᠠᠷᠠᠭ᠎ᠠ ᠳᠤᠮᠳᠠᠳᠤ ᠤᠯᠤᠰ ᠤᠨ ᠬᠢᠨ ᠴᠠᠭ | ᠲᠤᠬᠠᠢ ᠳᠤᠨᠢ ᠲᠤᠰᠠᠯᠠᠮᠵᠢ ᠦᠵᠡᠭᠦᠯᠦᠭᠰᠡᠨ ᠳᠤ ᠲᠠᠯᠠᠷᠬᠠᠪᠠ ᠃ ᠮᠢᠴᠧᠯ ᠂ ᠥᠩᠭᠡᠷᠡᠭᠰᠡᠨ 20 ᠵᠢᠯ ᠤᠨ ᠲᠤᠷᠰᠢ ᠭᠷᠧᠨᠡᠳᠡ ᠳᠤᠮᠳᠠᠳᠤ ᠶᠢᠨ ᠬᠠᠷᠢᠯᠴᠠᠭ᠎ᠠ | ᠲᠠᠰᠤᠷᠠᠯᠲᠠ ᠦᠭᠡᠢ ᠭᠦᠨᠵᠡᠭᠡᠶᠢᠷᠡᠪᠡ ᠃ ᠭᠷᠧᠨᠡᠳᠡ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ ᠂ ᠳᠤᠮᠳᠠᠳᠤ ᠤᠯᠤᠰ ᠤᠨ ᠡᠷᠬᠡ | ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠡᠷᠡᠰ ᠬᠦᠨᠳᠦᠳᠬᠡᠨ᠎ᠡ ᠃ ᠭᠷᠧᠨᠡᠳᠡ ᠶᠢᠨ ᠲᠠᠯ᠎ᠠ ᠭᠷᠧᠨᠡᠳᠡ ᠳᠤᠮᠳᠠᠳᠤ ᠶᠢᠨ ᠬᠠᠷᠢᠯᠴᠠᠭ᠎ᠠ ᠠᠴᠠ | ᠮᠠᠰᠢ ᠤᠯᠠᠠ ᠠᠰᠢᠭ ᠬᠦᠷᠲᠡᠵᠡᠢ ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠬᠦᠰᠡᠵᠦ ᠪᠠᠶᠢᠨ᠎ᠠ ᠃ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠳᠤᠮᠳᠠᠳᠤ ᠤᠯᠤᠰ ᠢ ᠤᠳᠤᠷᠢᠳᠤᠨ | ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ ᠂ ᠬᠥᠭᠵᠢᠵᠦ ᠪᠠᠶᠢᠭ᠎ᠠ ᠤᠯᠤᠰ ᠲᠤ ᠬᠡᠪ ᠳᠠᠭᠤᠷᠢᠶᠠᠯ ᠦᠵᠡᠭᠦᠯᠪᠡ ᠂ ᠭᠷᠧᠨᠡᠳᠡ ᠶᠢᠨ ᠬᠢᠨ ᠳᠤᠷᠠᠲᠠᠶ᠎ᠠ | ᠳᠤᠮᠳᠠᠳᠤ ᠤᠯᠤᠰ ᠠᠴᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢ ᠰᠤᠷᠤᠯᠴᠠᠨ᠎ᠠ ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠳᠠᠭᠠᠭᠤᠯᠤᠭᠴᠢ ᠮᠥᠨ ᠂ ᠢᠮᠠᠭᠲᠠ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ ᠂ ᠡᠯ᠎ᠡ ᠤᠯᠤᠰ ᠤᠨ ᠡᠷᠬᠡ | ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ ᠂ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠦᠭᠡ ᠶᠠᠷᠢᠶ᠎ᠠ ᠦᠢᠯᠡ | ᠠᠵᠢᠯᠯᠠᠭ᠎ᠠ ᠨᠢᠭᠡᠳᠦᠯᠲᠡᠢ ᠪᠠᠶᠢᠵᠤ ᠂ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ ᠃ ᠭᠷᠧᠨᠡᠳᠡ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ | ᠡᠷᠡᠰ ᠢᠶᠠᠷ ᠬᠠᠮᠲᠤ ᠵᠣᠭᠰᠣᠵᠤ ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | | | | |