| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 15 ᠤ ᠦᠳᠡ ᠶᠢᠨ ᠬᠤᠶᠢᠨ᠎ᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠣᠨ ᠤ ᠡᠴᠦᠰ ᠵᠢᠯ ᠤᠨ ᠡᠬᠢ ᠪᠠᠷ᠂ ᠳᠤᠮᠳᠠᠳᠤ ᠸᠢᠶᠧᠲᠨᠠᠮ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ | ᠲᠠᠰᠢᠷᠠᠮ ᠢᠶᠠᠷ ᠶᠡᠷᠦᠩᠬᠡᠢ ᠱᠦᠵᠢ ᠰᠦ᠋ ᠯᠢᠨ ᠨᠥᠬᠦᠷ ᠲᠠᠢ ᠤᠲᠠᠰᠤ ᠪᠠᠷ ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠨᠢᠳᠤᠨᠤᠨ ᠤ 8 ᠰᠠᠷ᠎ᠠ ᠳᠤ᠂ ᠲᠠ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠦᠶ᠎ᠡ ᠳᠤ ᠪᠢᠳᠡ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ | ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠶᠠᠷᠢᠯᠴᠠᠨ ᠰᠣᠯᠢᠯᠴᠠᠵᠤ᠂ ᠥᠷᠭᠡᠨ ᠳᠡᠯᠭᠡᠷ | ᠬᠠᠮᠲᠤ ᠶᠢᠨ ᠲᠠᠨᠢᠯᠲᠠ ᠲᠠᠢ ᠪᠣᠯᠤᠭᠰᠠᠨ ᠪᠢᠯᠡ᠃ ᠬᠠᠭᠠᠰ ᠵᠢᠯ ᠤᠨ ᠲᠤᠷᠰᠢ᠂ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠡᠯ᠎ᠡ ᠰᠠᠯᠠᠭ᠎ᠠ | ᠮᠥᠴᠢᠷ ᠡᠯ᠎ᠡ ᠭᠠᠵᠠᠷ ᠣᠷᠣᠨ ᠤ ᠬᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠳᠬᠤᠵᠤ᠂ ᠪᠢᠳᠡᠨ ᠤ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠠᠵᠢᠯ | ᠶᠠᠪᠤᠳᠠᠯ ᠢᠳᠡᠪᠬᠢᠲᠡᠢ ᠠᠬᠢᠴᠠ ᠲᠠᠢ ᠪᠣᠯᠪᠠ ᠭᠡᠵᠦ ᠢᠯᠡᠳᠬᠡᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ | ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠪᠡᠯᠡᠳᠬᠡᠬᠦ ᠵᠠᠩᠭᠢᠯᠠᠭ᠎ᠠ ᠶᠢᠨ ᠵᠢᠯ ᠮᠥᠨ᠂ ᠳᠤᠮᠳᠠᠳᠤ ᠸᠢᠶᠧᠲᠨᠠᠮ ᠬᠤᠶᠠᠷ | ᠤᠯᠤᠰ ᠲᠤ ᠴᠥᠮ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ | ᠦᠷᠭᠦᠯᠵᠢᠯᠡᠨ ᠨᠠᠮ ᠢᠶᠠᠨ ᠮᠠᠨᠳᠤᠭᠤᠯᠵᠤ ᠨᠠᠮ ᠢᠶᠠᠨ ᠬᠦᠴᠦᠷᠬᠡᠭᠵᠢᠭᠦᠯᠵᠦ᠂ ᠨᠡᠶᠢᠭᠡᠮ ᠵᠢᠷᠤᠮ ᠤᠨ ᠤᠨᠤᠯ ᠪᠣᠯᠣᠨ ᠦᠢᠯᠡᠳᠦᠯᠭᠡ ᠶᠢᠨ ᠲᠤᠷᠰᠢᠯᠭ᠎ᠠ ᠶᠢᠨ | ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠳᠤᠮᠳᠠ | ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠶᠢᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ | ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭᠠᠨ ᠤ | ᠬᠤᠰᠢᠭᠤᠷᠠᠯ ᠲᠠᠪᠴᠠᠩ ᠢ ᠭᠠᠷ ᠬᠤᠯᠪᠣᠨ ᠪᠠᠶᠢᠭᠤᠯᠵᠤ᠂ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠬᠢᠯᠢ ᠠᠯᠤᠰᠯᠠᠭᠰᠠᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠶ᠎ᠠ᠃ ᠠᠷᠠᠳ ᠤᠨ ᠰᠡᠳᠬᠢᠯ ᠢ ᠬᠤᠯᠪᠣᠭᠰᠠᠨ᠂ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ ᠣᠶᠢᠷᠠᠲᠤᠭᠰᠠᠨ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠰᠣᠨᠢᠨ ᠮᠡᠳᠡᠭᠡ᠂ ᠰᠣᠶᠣᠯ ᠵᠢᠭᠤᠯᠴᠢᠯᠠᠯ᠂ ᠣᠷᠣᠨ ᠨᠤᠲᠤᠭ᠂ ᠵᠠᠯᠠᠭᠤᠴᠤᠳ ᠤᠨ ᠡᠯ᠎ᠡ ᠬᠦᠷᠢᠶᠡᠨ ᠳᠠᠬᠢ | ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠠᠷᠠᠳ ᠤᠨ ᠰᠡᠳᠬᠢᠯ ᠤᠨ ᠢᠨᠵᠧᠨᠧᠷᠢᠩ ᠢ ᠪᠠᠶᠢᠭᠤᠯᠤᠶ᠎ᠠ᠃ ᠤᠯᠠᠨ ᠤᠯᠤᠰ ᠤᠨ ᠪᠠ ᠭᠠᠵᠠᠷ | ᠣᠷᠣᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠠᠭᠠᠰᠢ᠂ ᠸᠢᠶᠧᠲᠨᠠᠮ ᠤᠨ ᠡᠪ ᠬᠠᠮᠲᠤ ᠨᠠᠮ ᠪᠦᠭᠦ | ᠸᠢᠶᠧᠲᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠯᠠᠨ ᠲᠠᠯ᠎ᠠ ᠶᠢᠨ ᠬᠦᠴᠢᠷᠳᠡᠯ ᠪᠠ ᠥᠷᠢᠰᠦᠯᠳᠦᠭᠡᠨ ᠢ ᠢᠯᠠᠨ ᠳᠠᠪᠠᠵᠤ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠰᠢᠨᠡᠴᠢᠯᠡᠯᠲᠡ ᠶᠢᠨ ᠦᠢᠯᠡᠰ ᠲᠤ ᠰᠢᠨ᠎ᠡ ᠠᠮᠵᠢᠯᠲᠠ ᠣᠯᠪᠠ᠃ ᠰᠦ᠋ ᠯᠢᠨ ᠨᠥᠬᠦᠷ ᠢᠶᠠᠷ ᠲᠦᠷᠦᠭᠦᠯᠡᠭᠦᠯᠦᠭᠰᠡᠨ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠨᠠᠮ᠂ ᠤᠯᠤᠰ᠂ ᠠᠷᠠᠳ ᠲᠦᠮᠡᠨ ᠠᠷᠪᠠᠨ ᠳᠥᠷᠪᠡᠳᠦᠭᠡᠷ | ᠶᠡᠭᠡ ᠬᠤᠷᠠᠯ ᠢᠶᠠᠨ ᠤᠭᠲᠤᠬᠤ᠂ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠰᠠᠶᠢᠲᠤᠷ ᠬᠤᠷᠠᠯᠳᠤᠭᠤᠯᠬᠤ ᠶᠢᠨ ᠲᠣᠭᠤᠷᠢᠨ ᠳᠤ ᠸᠢᠶᠧᠲᠨᠠᠮ ᠤᠨ ︽ᠬᠤᠣᠰ ᠵᠠᠭᠤᠨ | ᠵᠢᠯ︾ ᠤᠨ ᠲᠡᠮᠡᠴᠡᠬᠦ ᠬᠠᠷᠠᠯᠲᠠ ᠲᠡᠶᠢᠰᠢ ᠡᠷᠡᠰ ᠤᠷᠤᠭᠰᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠦ᠋ ᠯᠢᠨ ᠡᠩ ᠲᠡᠷᠢᠭᠦᠨ ᠳᠤ ᠳᠤᠮᠳᠠᠳᠤ ᠤᠯᠤᠰ ᠤᠨ ᠲᠥᠪᠡᠳ ᠲᠤ ᠭᠠᠵᠠᠷ ᠬᠥᠳᠡᠯᠵᠦ ᠬᠥᠮᠥᠨ ᠬᠠᠷ᠎ᠠ ᠪᠠ ᠡᠳ᠋ ᠬᠥᠷᠥᠩᠭᠡ ᠳᠤ ᠬᠦᠨᠳᠦ ᠨᠣᠴᠢᠲᠠᠢ | ᠬᠤᠬᠢᠷᠠᠯ ᠤᠴᠠᠷᠠᠭᠰᠠᠨ ᠶᠠᠪᠤᠳᠠᠯ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠠᠯᠢ ᠲᠦᠷᠭᠡᠨ ᠢᠶᠠᠷ ᠭᠠᠵᠠᠷ | ᠬᠥᠳᠡᠯᠦᠯᠲᠡ ᠠᠴᠠ ᠪᠣᠯᠤᠭᠰᠠᠨ ᠬᠤᠬᠢᠷᠠᠯ ᠢ ᠢᠯᠡᠨ ᠳᠠᠪᠠᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ | ᠲᠦᠮᠡᠨ ᠢᠶᠠᠨ ᠳᠠᠭᠠᠭᠤᠯᠤᠨ ᠣᠯᠣᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠸᠢᠶᠧᠲᠨᠠᠮ ᠤᠨ ᠬᠢᠨ ᠴᠢᠩ ᠰᠡᠳᠬᠢᠯ ᠠᠴᠠ ᠪᠠᠨ ᠪᠢᠰᠢᠷᠡᠵᠦ | ᠪᠠᠶᠢᠨ᠎ᠠ᠂ ᠳᠤᠮᠳᠠᠳᠤ ᠤᠯᠤᠰ ᠯᠠᠪᠲᠠᠢ ᠠᠵᠤ ᠠᠬᠤᠢ ᠶᠢᠨ ᠬᠡᠪᠴᠢᠶ᠎ᠡ ᠪᠣᠯᠣᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠳᠠᠪᠠᠭᠤᠯᠢᠭ ᠢᠶᠠᠨ | ᠪᠠᠳᠠᠷᠠᠭᠤᠯᠵᠤ᠂ ᠨᠡᠩ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠬᠤ ᠶᠢ ᠢᠲᠡᠭᠡᠵᠦ ᠪᠠᠶᠢᠨ᠎ᠠ᠃ ᠸᠢᠶᠧᠲᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠳᠤᠷᠠᠳᠤᠭᠰᠠᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ ᠪᠥᠭᠡᠳ ᠳᠤᠷᠠᠲᠠᠶ᠎ᠠ ᠡᠨᠡ ᠬᠦ ᠪᠣᠷᠣ ᠲᠥᠯᠥᠪ ᠤᠨ ᠳᠣᠣᠷ᠎ᠠ | ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠥᠩᠭᠡᠷᠡᠭᠰᠡᠨ ᠨᠢᠭᠡ ᠵᠢᠯ ᠳᠤ᠂ ᠸᠢᠶᠧᠲᠨᠠᠮ ᠤᠨ ᠪᠦᠭᠦ ᠨᠠᠮ ᠪᠦᠭᠦ ᠤᠯᠤᠰ ᠢᠶᠠᠷ ᠢᠶᠠᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠴᠥᠭᠡᠨ ᠪᠤᠰᠤ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ | ᠴᠢᠬᠤᠯᠠ ᠰᠢᠨ᠎ᠡ ᠦᠷ᠎ᠡ ᠪᠦᠲᠦᠭᠡᠯ ᠣᠯᠪᠠ᠃ | ᠸᠢᠶᠧᠲᠨᠠᠮ ᠤᠨ ᠬᠢᠨ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢ ᠪᠡᠯᠡᠳᠬᠡᠬᠦ ᠪᠠᠷ ᠬᠠᠷᠠᠯᠲᠠ ᠪᠤᠯᠭᠠᠵᠤ᠂ ᠠᠷᠠᠳ ᠢᠶᠠᠨ | ᠪᠠᠶᠠᠵᠢᠭᠤᠯᠵᠤ ᠤᠯᠤᠰ ᠢᠶᠠᠨ ᠬᠦᠴᠦᠷᠬᠡᠭᠵᠢᠭᠦᠯᠬᠦ ᠠᠷᠠᠳᠴᠢᠯᠠᠯ ᠲᠠᠢ ᠡᠷᠬᠡ ᠲᠡᠭᠰᠢ ᠪᠣᠯᠪᠠᠰᠤᠨ ᠢᠶᠠᠷ ᠣᠨᠴᠠᠯᠢᠭ ᠪᠤᠯᠭᠠᠬᠰᠠᠨ ᠰᠢᠨ᠎ᠡ ᠬᠥᠭᠵᠢᠯᠲᠡ ᠶᠢᠨ ᠡᠷᠡᠨ | ᠲᠡᠶᠢᠰᠢ ᠤᠷᠤᠭᠰᠢᠯᠠᠵᠤ᠂ ᠡᠨᠡ ᠬᠦ ᠶᠠᠪᠤᠴᠠ ᠳᠤ ᠳᠤᠮᠳᠠᠳᠤ ᠤᠯᠤᠰ ᠤᠨ ᠬᠥᠭᠵᠢᠯᠲᠡ ᠶᠢᠨ ᠲᠤᠷᠰᠢᠯᠭ᠎ᠠ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨ᠎ᠡ ᠤᠨᠤᠯ ᠪᠣᠯᠣᠨ ᠦᠢᠯᠡᠳᠦᠯᠭᠡ ᠶᠢᠨ ᠰᠢᠨ᠎ᠡ ᠡᠭᠦᠳᠦᠯᠲᠡ ᠪᠠᠷ | ᠭᠦᠢᠴᠡᠳ ᠲᠣᠯᠢ ᠪᠤᠯᠭᠠᠬᠤ ᠪᠣᠯᠣᠨ᠎ᠠ᠃ ᠸᠢᠶᠧᠲᠨᠠᠮ ᠦᠷᠭᠦᠯᠵᠢᠯᠡᠨ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠭᠠᠳᠠᠭᠠᠳᠤ ᠲᠦᠷᠦ ᠶᠢᠨ | ᠪᠣᠳᠣᠯᠭ᠎ᠠ ᠶᠢᠨ ᠢᠶᠠᠨ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠭᠢᠯᠡᠨ᠂ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠰᠢᠢᠳᠪᠦᠷᠢᠯᠡᠵᠦ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ | ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠵᠢᠩᠬᠢᠨᠢ ᠪᠠᠷ ᠡᠬᠢᠯᠡᠭᠰᠡᠨ ᠢ | ᠵᠠᠷᠯᠠᠵᠤ᠂ ᠪᠠᠰᠠ ᠬᠠᠷᠢᠯᠴᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠥᠯᠵᠡᠢ ᠪᠡᠯᠭᠡ ᠲᠠᠢ ᠠᠮᠤᠷ ᠠᠮᠤᠭᠤᠯᠠᠩ | ᠪᠠᠶᠢᠬᠤ ᠶᠢ ᠵᠥᠩᠨᠡᠪᠡ᠃ | | | |