| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠶᠢᠯᠡᠭᠴᠢ ᠳ᠋ᠢᠰᠠᠨᠠᠶᠠᠺ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠰᠷᠢ ᠯᠠᠨᠺᠠ ᠤᠯᠠᠮᠵᠢᠯᠠᠯᠲᠤ ᠨᠥᠬᠦᠷᠯᠡᠯ ᠢ ᠪᠠᠶᠢᠭᠤᠯᠤᠭᠰᠠᠨ ᠶᠤᠮ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 68 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠡᠷᠡᠭᠦᠯ ᠲᠣᠭᠲᠠᠪᠤᠷᠢᠲᠠᠢ ᠬᠥᠭᠵᠢᠵᠦ᠂ ᠠᠳᠠᠯᠢ ᠪᠤᠰᠤ ᠤᠯᠤᠰ ᠤᠨ ᠨᠥᠭᠦᠷᠰᠡᠭ ᠢᠶᠠᠷ | ᠶᠠᠪᠤᠯᠴᠠᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ ᠬᠡᠪ ᠳᠠᠭᠤᠷᠢᠶᠠᠯ ᠢ ᠪᠤᠢ ᠪᠣᠯᠭᠠᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ | ᠰᠷᠢ ᠯᠠᠨᠺᠠ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ | ᠪᠠ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ | ᠵᠢᠷᠭᠠᠯ ᠣᠯᠭᠤᠪᠠ᠃ ᠣᠳᠣᠬᠠᠨ ᠳᠤ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠳᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ | ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠠᠴᠠ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠡᠵᠡᠮᠳᠡᠵᠦ᠂ ᠳᠤᠮᠳᠠᠳᠤ ᠰᠷᠢ ᠯᠠᠨᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠰᠷᠢ ᠯᠠᠨᠺᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠴᠢᠬᠤᠯᠠ ᠴᠢᠭᠯᠡᠯ ᠪᠤᠯᠭᠠᠵᠤ᠂ ᠰᠷᠢ | ᠯᠠᠨᠺᠠ ᠶᠢᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠥᠩᠭᠡᠷᠡᠭᠰᠡᠨ ᠲᠠᠢ ᠪᠠᠨ | ᠠᠳᠠᠯᠢ ᠪᠠᠷ ᠲᠡᠮᠵᠢᠵᠥ᠂ ᠰᠷᠢ ᠯᠠᠨᠺᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ | ᠰᠦᠪᠡᠭᠴᠢᠯᠡᠬᠦ ᠶᠢ ᠲᠡᠮᠵᠢᠵᠥ᠂ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠤᠨ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ | ᠰᠷᠢ ᠯᠠᠨᠺᠠ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠰᠷᠢ ᠯᠠᠨᠺᠠ ᠶᠢᠨ ᠬᠢᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠢᠳᠡᠪᠬᠢᠲᠡᠢ ᠳᠡᠮᠵᠢᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠬᠤ᠂ ᠣᠲᠣ ᠦᠶ᠎ᠡ ᠶᠢᠨ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠲᠡᠯᠡᠶ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠭᠢᠯᠠᠰ ᠴᠡᠭ ᠢ ᠡᠭᠦᠳᠦᠨ᠎ᠡ᠃ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠬᠤᠶᠠᠷ | ᠤᠯᠤᠰ ᠤᠨ ᠠᠷᠠᠳ ᠲᠦᠮᠡᠨ ᠤ ︽ᠰᠡᠳᠬᠢᠯ ᠢᠶᠠᠷ ᠢᠶᠠᠨ ᠬᠤᠯᠪᠣᠯᠳᠤᠨ ᠨᠡᠪᠲᠡᠷᠡᠯᠴᠡᠬᠦ︾ ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ | ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠠᠶᠢᠭᠤᠯᠤᠮᠵᠢ ᠶᠢᠨ ᠳᠣᠲᠣᠷᠠᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠥᠮᠥᠨ ᠲᠥᠷᠥᠯᠬᠢᠲᠡᠨ ᠤ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ | ᠬᠠᠮᠲᠤ ᠪᠠᠷ ᠠᠷᠭᠠᠴᠠᠭᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ | ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃ | ᠳ᠋ᠢᠰᠠᠨᠠᠶᠠᠺ᠂ ᠰᠢᠨ᠎ᠡ ᠵᠢᠯ ᠤᠨ ᠡᠬᠢ ᠪᠠᠷ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠰᠷᠢ ᠯᠠᠨᠺᠠ ᠶᠢᠨ ᠬᠢᠨ ᠳᠤᠮᠳᠠᠳᠤ | ᠤᠯᠤᠰ ᠤᠨ ᠠᠵᠤ ᠠᠬᠤᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠣᠯᠣᠭᠰᠠᠨ ᠴᠢᠬᠤᠯᠠ ᠶᠡᠭᠡ | ᠬᠥᠭᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠃ ᠳᠤᠮᠳᠠᠳᠤ ᠤᠯᠤᠰ ᠪᠣᠯ ᠶᠡᠷᠦ ᠠᠴᠠ ᠰᠷᠢ ᠯᠠᠨᠺᠠ ᠶᠢᠨ ᠨᠠᠶᠢᠳᠠᠪᠤᠷᠢᠲᠠᠢ ᠨᠠᠶᠢᠵᠠ ᠪᠥᠭᠡᠳ ᠬᠠᠨᠢᠲᠠᠨ ᠶᠤᠮ᠃ | ᠰᠷᠢ ᠯᠠᠨᠺᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ | ᠡᠷᠡᠰ ᠪᠠᠷᠢᠮᠲᠠᠯᠠᠵᠤ᠂ ᠳᠤᠮᠳᠠᠳᠤ ᠤᠯᠤᠰ ᠠᠴᠠ ᠰᠷᠢ ᠯᠠᠨᠺᠠ ᠶᠢᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ | ᠲᠠᠯ᠎ᠠ ᠳᠤ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠰᠷᠢ ᠯᠠᠨᠺᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ | ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ | ᠤᠭᠲᠤᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠡᠨᠧᠷᠭᠢ᠂ ᠬᠥᠳᠡᠭᠡ ᠠᠵᠤ ᠠᠬᠤᠢ᠂ ᠮᠥᠩᠭᠦᠨ ᠭᠦᠢᠯᠭᠡᠭᠡᠨ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠵᠢᠭᠤᠯᠴᠢᠯᠠᠯ᠂ ᠳᠠᠯᠠᠢ ᠲᠠᠩᠭᠢᠰ᠂ ᠠᠵᠢᠯᠲᠠᠨ ᠤ | ᠪᠣᠯᠪᠠᠰᠤᠷᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠴᠢᠬᠤᠯᠠ ᠬᠥᠲᠥᠯᠥᠨ ᠳᠠᠭᠠᠭᠤᠯᠬᠤ ᠤᠯᠤᠰ ᠮᠥᠨ᠂ ᠳᠡᠯᠡᠬᠡᠢ ᠶᠢᠨ ᠬᠡᠷᠡᠭ ᠶᠠᠪᠤᠳᠠᠯ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ | ᠪᠠᠶᠢᠨ᠎ᠠ᠃ | ᠰᠷᠢ ᠯᠠᠨᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠤᠯᠠᠨ ᠲᠠᠯ᠎ᠠ ᠶᠢᠨ ᠲᠠᠯᠠᠪᠤᠷ ᠲᠤ ᠵᠣᠬᠢᠴᠠᠭᠤᠯᠭ᠎ᠠ ᠪᠠᠨ ᠴᠢᠩᠭᠠᠳᠬᠠᠵᠤ᠂ | ᠬᠠᠷᠢᠯᠴᠠᠨ ᠳᠡᠮᠵᠢᠯᠴᠡᠵᠦ᠂ ᠬᠠᠮᠲᠤ ᠶᠢᠨ ᠠᠰᠢᠭ ᠲᠤᠰᠠ ᠪᠠᠨ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠨᠡᠶᠢᠭᠡᠮ ᠠᠷᠠᠳ ᠤᠨ ᠠᠮᠢᠳᠤᠷᠠᠯ᠂ ᠰᠣᠨᠢᠨ | ᠮᠡᠳᠡᠭᠡ ᠷᠠᠳᠢᠣ᠋ ᠲᠧᠯᠸᠢᠰ ᠵᠡᠷᠭᠡ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ | ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠳ᠋ᠢᠰᠠᠨᠠᠶᠡᠺ ᠢ ᠤᠭᠲᠤᠬᠤ | ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠰᠷᠢ ᠯᠠᠨᠺᠠ ᠬᠤᠶᠠᠷ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠳ᠋ᠢᠰᠠᠨᠠᠶᠠᠺ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠳ᠋ᠢᠰᠠᠨᠠᠶᠠᠺ ᠢ ᠤᠭᠲᠤᠬᠤ ᠳᠠᠶᠢᠯᠠᠯᠭ᠎ᠠ | ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | |