| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠶ ᠡᠵᠡᠮᠰᠢᠵᠦ᠂ ᠪᠣᠳᠠᠲᠠᠢ ᠨᠠᠶᠢᠳᠠᠪᠤᠷᠢᠵᠢᠭᠤᠯᠬᠤ ᠶᠢᠨ | ᠲᠥᠯᠥᠭᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢᠨ ᠲᠣᠶᠢᠮᠣᠴᠢᠯᠠᠯ︾ ︵ᠳᠣᠷᠣᠭᠰᠢ ︽ᠲᠣᠶᠢᠮᠣᠴᠢᠯᠠᠯ︾ ᠭᠡᠵᠦ ᠳᠥᠭᠦᠮᠴᠢᠯᠡᠨ᠎ᠡ︶ ᠭᠡᠬᠦ ᠨᠣᠮ ᠢ | ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠶᠠᠮᠠᠷ ᠶᠠᠩᠵᠤ ᠶᠢᠨ ᠤᠷᠳᠤ ᠬᠤᠭᠤᠴᠠᠭ᠎ᠠ ᠪᠠᠷ ᠲᠦᠷᠦ | ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠬᠡᠷᠬᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ | ᠨᠠᠮ ᠢ ᠪᠠᠶᠢᠭᠤᠯᠬᠤ ᠴᠢᠬᠤᠯᠠ ᠶᠡᠭᠡ ᠴᠠᠭ ᠦᠶ᠎ᠡ ᠶᠢᠨ ᠰᠡᠳᠦᠪ ᠤᠨ ᠲᠣᠭᠤᠷᠢᠨ ᠳᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠡᠨᠡ ᠬᠦ ᠭᠤᠣᠯ ᠰᠡᠳᠦᠪ ᠭᠤᠣᠯ | ᠰᠢᠵᠢᠮ ᠢ ᠲᠤᠪᠤᠶᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ ᠠᠯᠢ ᠤᠯᠠᠨ ᠰᠢᠨ᠎ᠡ ᠣᠶᠢᠯᠠᠭᠠᠭᠳᠠᠬᠤᠨ | ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠦᠵᠡᠯ ᠰᠠᠨᠠᠭ᠎ᠠ ᠶᠢ ᠪᠦᠷᠢᠯᠳᠦᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠨᠢ ᠥᠷᠭᠡᠨ | ᠳᠡᠯᠭᠡᠷ ᠭᠦᠨ ᠭᠦᠨᠵᠡᠭᠡᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠠᠯᠢ ᠤᠯᠠᠨ ᠪᠦᠲᠦᠭᠡᠯᠴᠢ ᠴᠢᠨᠠᠷᠲᠠᠢ ᠦᠷ᠎ᠡ ᠪᠦᠲᠦᠭᠡᠯ ᠢᠶᠠᠷ ᠮᠠᠷᠺᠰ ᠤᠨ | ᠦᠵᠡᠯ ᠤᠨ ᠨᠠᠮ ᠪᠠᠶᠢᠭᠤᠯᠬᠤ ᠰᠤᠷᠭᠠᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠪᠠᠷᠢᠬᠤ ᠨᠠᠮ ᠤᠨ | ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾ ᠪᠣᠯᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ | ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ | ︽ᠲᠣᠶᠢᠮᠣᠴᠢᠯᠠᠯ︾ ᠨᠢ ᠤᠳᠤᠷᠢᠳᠬᠠᠯ᠂ ᠭᠤᠣᠯ ᠴᠣᠭᠴᠠ᠂ ᠲᠡᠭᠦᠰᠬᠡᠯ ᠢᠶᠠᠷ ᠪᠦᠷᠢᠯᠳᠦᠵᠦ᠂ ᠨᠡᠶᠢᠲᠡ 12.1 ᠲᠦᠮᠡᠨ ᠦᠰᠦᠭ ᠲᠠᠢ᠃ ᠪᠦᠭᠦ ᠨᠣᠮ ᠳᠤ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ | ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠥᠭᠦᠯᠡᠵᠦ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠰᠢᠨᠵᠢᠯᠡᠬᠦ | ᠤᠬᠠᠭᠠᠨᠴᠢ ᠪᠠᠶᠢᠷᠢᠰᠢᠭᠤᠯᠤᠯᠲᠠ᠂ ᠦᠷᠳᠡᠭ ᠤᠨ ᠬᠥᠭᠡᠭᠡᠴᠡᠯᠳᠦᠯ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠨᠠᠮ ᠤᠨ ᠪᠠᠶᠢᠭᠤᠯᠤᠯᠲᠠ ᠶᠢᠨ ᠬᠦᠷᠢᠶᠡᠨ ᠳᠠᠬᠢ | ᠤᠤᠭᠠᠯ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠭᠦ ᠲᠠᠯ᠎ᠠ ᠪᠠᠷ ᠲᠤᠰᠬᠠᠪᠠ᠃ ︽ᠲᠣᠶᠢᠮᠣᠴᠢᠯᠠᠯ︾ ᠤᠨ ᠠᠭᠤᠯᠭ᠎ᠠ ᠨᠢ ᠪᠠᠶᠠᠯᠢᠭ᠂ ᠦᠵᠡᠯᠲᠡ ᠨᠢ ᠢᠯᠡ | ᠲᠣᠳᠣ᠂ ᠥᠭᠦᠯᠡᠯᠲᠡ ᠨᠢ ᠭᠦᠨᠵᠡᠭᠡᠢ᠂ ᠯᠣᠭᠢᠭ ᠨᠢ ᠨᠢᠭᠲᠠ ᠴᠢᠩᠭ᠎ᠠ᠂ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠰᠢᠰᠲ᠋ᠧᠮᠲᠦ ᠴᠢᠨᠠᠷ᠂ ᠵᠢᠯᠤᠭᠤᠳᠬᠤ | ᠴᠢᠨᠠᠷ ᠢᠶᠠᠷ ᠴᠢᠩᠭ᠎ᠠ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠡᠷᠬᠡ ᠰᠦᠷᠲᠦ ᠬᠠᠪᠰᠤᠷᠤᠮᠵᠢ ᠤᠩᠰᠢᠬᠤ ᠪᠢᠴᠢᠭ ᠮᠥᠨ᠃ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠤᠭ ᠪᠦᠲᠦᠭᠡᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ︽ᠲᠣᠶᠢᠮᠣᠴᠢᠯᠠᠯ︾ ᠢ | ᠬᠥᠮᠦᠵᠢᠯ ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠪᠠ ᠰᠤᠷᠤᠯᠴᠠᠯᠭ᠎ᠠ ᠶᠢᠨ ᠵᠠᠪᠠᠯ ᠤᠩᠰᠢᠬᠤ ᠨᠣᠮ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠪᠠᠶᠢᠭᠤᠯᠤᠯᠲᠠ ᠪᠠ ᠵᠣᠬᠢᠶᠠᠨ | ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | | | |