| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18 ᠤ ᠴᠠᠭᠢᠯᠭᠠᠨ ᠮᠡᠳᠡᠭᠡ 1 ᠰᠠᠷ᠎ᠠ ᠶᠢᠨ 18 ᠤ ᠡᠳᠦᠷ ᠂ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ ᠃ | ᠰᠢ ᠶᠢᠨ ᠫᠢᠩ᠂ ᠳᠤᠮᠳᠠᠳᠤ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠪᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ | ᠵᠠᠶᠠᠭᠠᠨ ᠤ ᠬᠠᠮᠲᠤ ᠶᠢᠨ ᠴᠣᠭᠴᠠ ᠮᠥᠨ ᠃ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠂ ᠤᠯᠤᠰ ᠤᠨ ᠲᠤᠰᠠᠭᠠᠷ ᠲᠣᠭᠲᠠᠨᠢᠯ ᠪᠠ ᠦᠨᠳᠦᠰᠦᠲᠡᠨ ᠤ | ᠴᠢᠯᠦᠭᠡᠯᠡᠯᠲᠡ ᠶᠢ ᠲᠡᠮᠡᠴᠡᠨ ᠣᠯᠬᠤ ᠭᠠᠶᠢᠬᠠᠮᠰᠢᠭᠲᠤ ᠣᠨ ᠰᠠᠷ᠎ᠠ ᠳᠤ ᠂ ᠬᠤᠶᠠᠷ ᠲᠠᠯ᠎ᠠ ᠪᠠᠷ ᠢᠶᠠᠨ ᠮᠥᠷᠥ ᠵᠡᠷᠭᠡᠴᠡᠨ ᠪᠠᠶᠢᠯᠳᠤᠵᠤ ᠂ ᠬᠠᠷᠢᠯᠴᠠᠨ ᠳᠡᠮᠵᠢᠯᠴᠡᠵᠦ ᠂ ︽ | ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠂ ᠨᠥᠬᠦᠷ ᠪᠥᠭᠡᠳ ᠠᠬ᠎ᠠ ᠳᠡᠭᠦᠦ ᠪᠤᠯᠬᠤ ︾ ᠨᠢ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ | ᠬᠠᠮᠤᠭ ᠤᠨ ᠠᠮᠢᠳᠤᠯᠢᠭ ᠵᠢᠷᠤᠭᠯᠠᠯ ᠪᠣᠯᠵᠠᠢ ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠂ ᠬᠤᠶᠠᠷ ᠲᠠᠯ᠎ᠠ ᠪᠠᠷ ᠢᠶᠠᠨ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢ ᠪᠤᠯᠭᠠᠵᠤ ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ | ᠦᠷᠭᠦᠯᠵᠢᠯᠡᠨ ᠭᠦᠨᠵᠡᠭᠡᠶᠢᠷᠡᠵᠦ ᠂ ᠵᠣᠷᠢᠭ ᠨᠢᠭᠡ ᠵᠣᠷᠢᠯᠲᠠ ᠨᠢᠭᠡᠲᠡᠢ ᠂ ᠬᠤᠪᠢ ᠵᠠᠶᠠᠭ᠎ᠠ ᠪᠠᠨ ᠬᠠᠮᠲᠤᠳᠬᠠᠬᠤ ᠨᠢ ᠬᠤᠶᠠᠷ ᠨᠠᠮ ᠬᠤᠶᠠᠷ ᠤᠯᠤᠰ ᠤᠨ | ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠣᠯᠵᠠᠢ ᠃ ᠪᠢ 2023 ᠣᠨ ᠳᠤ ᠸᠢᠶᠧᠲᠨᠠᠮ ᠳᠤ ᠠᠮᠵᠢᠯᠲᠠ ᠲᠠᠢ ᠠᠶᠢᠯᠴᠢᠯᠠᠵᠤ ᠂ ᠬᠤᠶᠠᠷ | ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ | ᠪᠠᠶᠢᠭᠤᠯᠬᠤ ᠪᠠᠷ ᠨᠡᠶᠢᠲᠡᠯᠡᠵᠦ ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠰᠢᠨ᠎ᠡ ᠱᠠᠲᠤᠨ ᠳᠤ ᠣᠷᠣᠵᠠᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ | ᠦᠭᠡᠢ ᠭᠡᠯᠪᠡᠷᠢ ᠪᠠᠷ ᠶᠠᠪᠤᠭᠳᠠᠵᠤ ᠂ ᠳᠤᠮᠳᠠᠳᠤ ᠸᠢᠶᠧᠲᠨᠠᠮ ᠬᠤᠶᠠᠷ ᠤᠯᠤᠰ ᠨᠡᠶᠢᠭᠡᠮ ᠵᠢᠷᠤᠮ ᠤᠨ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠨᠢ ᠬᠤᠶᠠᠷ ᠨᠠᠮ | ᠬᠤᠶᠠᠷ ᠤᠯᠤᠰ ᠤᠨ ᠢᠷᠡᠭᠡᠳᠦᠢ ᠬᠤᠪᠢ ᠵᠠᠶᠠᠭ᠎ᠠ ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠤᠨ ᠢᠷᠡᠭᠡᠳᠦᠢ ᠳᠤ ᠬᠤᠯᠪᠣᠭᠳᠠᠵᠤ ᠂ ᠲᠤᠰ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠪᠢ ᠳᠤᠮᠳᠠᠳᠤ | ᠸᠢᠶᠧᠲᠨᠠᠮ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠲᠠ ᠨᠠᠷ ᠲᠠᠢ ᠬᠠᠮᠲᠤ ᠪᠠᠷ ᠴᠢᠷᠮᠠᠶᠢᠵᠤ ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢᠶᠠᠷ ᠠᠵᠠ | ᠲᠣᠭᠢᠶᠠᠯ ᠪᠤᠯᠭᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ | ᠦᠷᠭᠦᠯᠵᠢᠯᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ ᠂ ᠭᠠᠷ ᠬᠤᠯᠪᠣᠨ ᠤᠷᠤᠭᠰᠢᠯᠠᠵᠤ ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠭᠡᠯ ᠣᠯᠬᠤ ᠶᠢ | ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠢ ᠬᠥᠭᠵᠢᠭᠦᠯᠦᠨ | ᠮᠠᠨᠳᠤᠭᠤᠯᠬᠤ ᠂ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ ᠃ | ᠰᠦ᠋ ᠯᠢᠨ ᠂ 75 ᠵᠢᠯ ᠤᠨ ᠲᠤᠷᠰᠢ ᠂ ᠬᠤᠶᠠᠷ ᠨᠠᠮ ᠬᠤᠶᠠᠷ ᠤᠯᠤᠰ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ︽ ᠸᠢᠶᠧᠲᠨᠠᠮ ᠳᠤᠮᠳᠠᠳᠤ ᠶᠢᠨ | ᠨᠥᠬᠦᠷᠯᠡᠯ ᠭᠦᠨ ᠵᠤᠵᠠᠭᠠᠨ ᠂ ᠨᠥᠬᠦᠷ ᠪᠥᠭᠡᠳ ᠠᠬ᠎ᠠ ᠳᠡᠭᠦᠦ ᠪᠤᠯᠬᠤ ︾ ᠤᠯᠠᠮᠵᠢᠯᠠᠯᠲᠤ ᠨᠥᠬᠦᠷᠯᠡᠯ ᠪᠣᠯᠣᠨ ᠪᠦᠷᠢᠯᠳᠦᠵᠡᠢ ᠃ ᠸᠢᠶᠧᠲᠨᠠᠮ ᠤᠨ ᠨᠠᠮ ᠂ ᠵᠠᠰᠠᠭ ᠤᠨ | ᠣᠷᠳᠣᠨ ᠪᠣᠯᠣᠨ ᠠᠷᠠᠳ ᠲᠦᠮᠡᠨ ᠢᠮᠠᠭᠲᠠ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢᠨ ᠢᠮᠠᠭᠲᠠ ᠶᠢᠨ ᠵᠣᠷᠢᠯᠲᠠ ᠪᠣᠯᠣᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠪᠡ ᠃ ᠳᠡᠯᠡᠬᠡᠢ ᠶᠢᠨ ᠪᠠ ᠭᠠᠵᠠᠷ ᠣᠷᠣᠨ ᠤ | ᠪᠠᠶᠢᠳᠠᠯ ᠭᠦᠨᠵᠡᠭᠡᠢ ᠪᠤᠳᠤᠯᠢᠶᠠᠨᠲᠠᠢ ᠬᠤᠪᠢᠷᠠᠵᠤ ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠵᠠᠩᠭᠢᠯᠠᠭ᠎ᠠ ᠶᠢᠨ ᠱᠠᠲᠤᠨ ᠳᠤ ᠣᠷᠣᠭᠰᠠᠨ ᠠᠬᠤᠢ ᠪᠠᠶᠢᠳᠠᠯ | ᠳᠣᠣᠷ᠎ᠠ ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠡᠢ ᠃ ᠬᠤᠶᠠᠷ ᠨᠠᠮ ᠬᠤᠶᠠᠷ ᠤᠯᠤᠰ ᠤᠨ ᠳᠡᠭᠡᠳᠦ | ᠳᠠᠪᠬᠤᠷᠭ᠎ᠠ ᠶᠢᠨ ᠬᠠᠯᠠᠮᠵᠢᠯᠠᠯ ᠵᠢᠯᠣᠭᠤᠳᠤᠯᠭ᠎ᠠ ᠳᠣᠣᠷ᠎ᠠ ᠂ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠵᠤ ᠂ ᠸᠢᠶᠧᠲᠨᠠᠮ ᠳᠤᠮᠳᠠᠳᠤ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ ᠭᠡᠵᠦ | ᠢᠯᠡᠳᠬᠡᠪᠡ ᠃ | ᠯᠢᠶᠠᠩ ᠴᠢᠶᠠᠩ ᠂ ᠸᠢᠶᠧᠲᠨᠠᠮ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢᠬᠢ ᠲᠡᠦᠬᠡ ᠶᠢᠨ ᠦᠢᠯᠡᠳᠦᠯᠭᠡ ᠨᠢ ᠂ | ᠬᠤᠶᠠᠷ ᠤᠯᠤᠰ ᠤᠨ ᠤᠯᠠᠮᠵᠢᠯᠠᠯᠲᠤ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠬᠦᠰᠡᠯ ᠡᠷᠡᠮᠡᠯᠵᠡᠯ | ᠪᠣᠯᠣᠨ ᠠᠯᠤᠰ ᠭᠡᠳᠤ ᠶᠢᠨ ᠠᠰᠢᠭ ᠲᠤᠰᠠ ᠲᠠᠢ ᠨᠡᠶᠢᠴᠡᠵᠦ ᠂ ᠭᠠᠵᠠᠷ ᠣᠷᠣᠨ ᠵᠢᠴᠢ ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠂ ᠬᠠᠮᠲᠤᠷᠠᠯᠴᠠᠭ᠎ᠠ ᠪᠣᠯᠣᠨ | ᠬᠥᠭᠵᠢᠯᠲᠡ ᠳᠤ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠭᠡᠷᠡᠴᠢᠯᠡᠪᠡ ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠂ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ | ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ ᠂ ᠳᠤᠮᠳᠠᠳᠤ ᠤᠯᠤᠰ ᠯᠠᠪᠲᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ ᠂ | ᠳᠤᠮᠳᠠᠳᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠯ ᠲᠠᠢ ᠪᠣᠯᠪᠠᠰᠤᠨ ᠰᠠᠶᠢᠬᠠᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠸᠢᠶᠧᠲᠨᠠᠮ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠹᠠᠨ | ᠮᠢᠩ ᠵᠧᠩ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ ᠃ ᠯᠢ ᠴᠢᠶᠠᠩ ᠂ ᠪᠢ ᠳᠤᠷᠠᠲᠠᠶ᠎ᠠ ᠶᠡᠷᠦᠩᠬᠡᠢ ᠰᠠᠶᠢᠳ ᠨᠥᠬᠦᠷ ᠲᠠᠢ ᠬᠠᠮᠲᠤ ᠪᠠᠷ | ᠴᠢᠷᠮᠠᠶᠢᠵᠤ ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠪᠣᠯᠣᠨ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ ᠃ | ᠹᠠᠨ ᠮᠢᠩ ᠵᠧᠩ ᠂ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠭᠠᠵᠠᠷ ᠣᠷᠣᠨ ᠳᠠᠬᠢ | ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠴᠢᠬᠤᠯᠠ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠲᠦᠷᠭᠡᠨ ᠨᠠᠶᠢᠳᠠᠪᠤᠷᠢᠵᠢᠭᠤᠯᠵᠤ ᠂ ᠬᠤᠶᠠᠷ ᠨᠠᠮ | ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ︽ ᠵᠢᠷᠭᠤᠭᠠᠨ ᠨᠡᠩ ︾ ᠤᠨ ᠲᠤᠬᠠᠢ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ ᠭᠡᠵᠦ ᠢᠯᠡᠳᠬᠡᠪᠡ ᠃ | | | |