ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠡᠷᠭᠢᠯᠡᠪᠡ  ᠰᠢ ᠶᠢᠨ ᠫᠢᠩ ᠪᠦᠭᠦ ᠴᠡᠷᠢᠭ ᠤᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠡᠢ
ᠨᠡᠶᠢᠲᠡᠯᠡᠭᠰᠡᠨ ᠴᠠᠭ᠄
2025/1/21
      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18᠎ ᠤ ᠴᠠᠭᠢᠯᠭᠠᠨ ᠮᠡᠳᠡᠭᠡ   ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 17᠎ ᠤ ᠡᠳᠦᠷ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠡᠷᠭᠢᠯᠡᠪᠡ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ ᠨᠥᠬᠦᠳ ᠂ ᠪᠦᠭᠦ ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ ᠃
1.jpg
       1 ᠰᠠᠷ᠎ᠠ ᠶᠢᠨ 17᠎ ᠤ ᠦᠳᠡ ᠶᠢᠨ ᠬᠤᠶᠢᠨ᠎ᠠ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠪᠡᠭᠡᠵᠢᠩ ᠳᠤ ᠶᠠᠪᠤᠭᠳᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ ᠨᠥᠬᠦᠳ ᠂ ᠪᠦᠭᠦ ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠭᠠᠩ  ᠰᠡᠭᠦᠳᠡᠷᠯᠡᠪᠡ      ᠴᠠᠭᠠᠨ ᠰᠠᠷ᠎ᠠ ᠣᠶᠢᠷᠠᠳᠬᠤᠶ᠎ᠠ ᠂ ᠨᠡᠶᠢᠰᠯᠡᠯ ᠪᠡᠭᠡᠵᠢᠩ ᠳᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠪᠢᠯᠬᠠᠵᠤ ᠂ ᠳᠤᠮᠳᠠᠳᠤ ᠤᠯᠤᠰ ᠤᠨ ᠲᠢᠶᠠᠲᠷ ᠲᠤ ᠥᠩᠭᠡᠲᠦ ᠳ᠋ᠧᠩ ᠳᠤᠸᠠᠯᠠᠨ ᠂ ᠣᠨᠴᠠ ᠶᠢᠨ ᠬᠠᠯᠠᠭᠤᠨ ᠳᠣᠲᠣᠨᠣ ᠪᠠᠶᠢᠵᠤ ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠂ ᠬᠠᠮᠠᠭᠠᠯᠠᠬᠤ ᠂ ᠪᠦᠲᠦᠭᠡᠨ ᠪᠠᠶᠢᠭᠤᠯᠬᠤ ᠳᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠨᠢᠭᠡ ᠲᠠᠩᠬᠢᠮ ᠳᠤ ᠴᠤᠭᠯᠠᠷᠠᠵᠤ ᠂ ᠬᠠᠮᠲᠤ ᠪᠠᠷ ᠴᠠᠭᠠᠨ ᠰᠠᠷ᠎ᠠ ᠶᠢ ᠤᠭᠲᠤᠪᠠ ᠃      ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ ᠃ ᠰᠢ ᠶᠢᠨ ᠫᠢᠩ ᠤᠯᠠᠨ ᠲᠠᠢ ᠳᠣᠲᠣᠨᠣ ᠪᠠᠷ ᠭᠠᠷ ᠠᠳᠬᠤᠵᠤ ᠂ ᠬᠠᠷᠢᠯᠴᠠᠨ ᠮᠡᠨᠳᠦᠴᠢᠯᠡᠵᠦ ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ ᠂ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ ᠂ ᠤᠯᠤᠰ ᠪᠣᠯᠣᠨ ᠴᠡᠷᠢᠭ ᠠᠩᠭᠢ ᠶᠢᠨ ᠦᠢᠯᠡᠰ ᠤᠨ ᠶᠠᠪᠤᠵᠤ ᠢᠷᠡᠭᠰᠡᠨ ᠶᠡᠷᠦ ᠪᠤᠰᠤ ᠶᠢᠨ ᠥᠩᠭᠡᠷᠡᠯᠲᠡ ᠂ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠬᠠᠮᠲᠤ ᠪᠠᠷ ᠡᠷᠭᠢᠴᠡᠭᠦᠯᠪᠡ ᠃ ᠠᠬᠠᠮᠠᠳ ᠨᠥᠬᠦᠳ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ︽ ᠬᠤᠶᠠᠷ ᠢ ᠲᠣᠭᠲᠠᠭᠠᠭᠰᠠᠨ ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠬᠤᠶᠠᠷ ᠢ ᠬᠠᠮᠠᠭᠠᠯᠠᠬᠤ ︾᠎ ᠶᠢ ᠡᠷᠡᠰ ᠪᠡᠶᠡᠯᠡᠭᠦᠯᠵᠦ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ ᠂ ᠤᠯᠤᠰ ᠲᠥᠷᠥ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠪᠦᠯᠬᠦᠮᠳᠡᠨ ᠲᠡᠮᠡᠴᠡᠵᠦ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃      ︽ ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠶᠢᠨ ᠠᠯᠬᠤᠭ᠎ᠠ ᠭᠠᠵᠠᠷ ᠳᠡᠯᠡᠬᠡᠢ ᠶᠢ ᠳᠣᠩᠰᠣᠯᠭᠠᠵᠤ ᠂ ᠡᠷᠡᠮᠡᠬᠡᠶᠢᠯᠡᠨ ᠤᠷᠤᠭᠰᠢᠯᠠᠵᠤ ᠪᠣᠭᠤᠮᠲᠠ ᠰᠢᠪᠲᠤᠯᠬᠤ ᠡᠩᠨᠡᠭᠡᠨ ᠤ ᠲᠤᠭ ᠥᠨᠳᠥᠷ ᠲᠤ ᠨᠠᠮᠢᠷᠠᠨ᠎ᠠ ᠁ ︾ ᠪᠠᠶᠠᠷ ᠪᠠᠶᠠᠰᠤᠯᠳᠤ ᠳᠠᠭᠤᠤ ᠪᠥᠵᠢᠭ ︽ ᠮᠢᠨᠤ ᠪᠠᠶᠢᠯᠳᠤᠭᠠᠨ ᠤ ᠪᠠᠶᠢᠷᠢ ᠮᠢᠨᠤ ᠣᠨ ᠵᠢᠯ ︾ ᠭᠡᠬᠦ ᠪᠠᠷ ᠲᠣᠬᠯᠠᠯᠲᠠ ᠶᠢᠨ ᠬᠥᠰᠢᠭᠡ ᠶᠢ ᠰᠡᠬᠦᠯ᠎ᠡ ᠃ ᠲᠣᠬᠯᠠᠯᠲᠠ ᠨᠢ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠭᠡᠯᠪᠡᠷᠢ ᠪᠠᠷ ᠴᠡᠷᠢᠭ ᠢ ᠬᠦᠴᠦᠷᠬᠡᠭᠵᠢᠭᠦᠯᠬᠦ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠵᠦ ᠂ ᠨᠠᠮ ᠳᠠᠭᠠᠨ ᠦᠨᠡᠨᠴᠢ ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠤᠳᠬ᠎ᠠ ᠠᠭᠤᠯᠤᠭᠳᠠᠬᠤᠨ ᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠰᠢᠨ᠎ᠡ ᠰᠤᠷᠲᠠᠯ ᠲᠥᠪ ᠰᠤᠷᠲᠠᠯ ᠢ ᠲᠣᠪᠤᠶᠢᠯᠭᠠᠨ ᠲᠤᠰᠬᠠᠵᠠᠢ ᠃ ︽ ᠨᠢᠭᠡᠳᠦᠨ ᠳᠠᠭᠠᠶ᠎ᠠ ︾ ᠭᠡᠬᠦ ᠨᠠᠶᠢᠷᠠᠯ ᠳᠠᠭᠤᠤ ᠨᠢ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠬᠠᠮᠲᠤ ᠶᠢᠨ ᠰᠡᠳᠬᠢᠯ ᠤᠨ ᠳᠠᠭᠤᠨ ᠢ ᠪᠢᠯᠬᠠᠮ᠎ᠠ ᠢᠯᠡᠳᠬᠡᠵᠡᠢ ᠃ ︽ ᠪᠠᠶᠢᠯᠳᠤᠨ᠎ᠠ ᠭᠡᠪᠡᠯ ᠪᠠᠶᠢᠯᠳᠤᠨ᠎ᠠ ︾ ᠂ ︽ ᠢᠯᠠᠭᠤᠭᠰᠠᠨ ᠪᠠᠶᠢᠯᠳᠤᠭᠠᠨ ᠤ ᠢᠷᠠᠭᠤ ᠠᠯᠳᠠᠷ ︾ ᠳᠠᠭᠤᠤ ᠪᠥᠵᠢᠭ ᠬᠥᠭᠵᠢᠮ ᠤᠨ ᠲᠤᠬᠯᠠᠯᠲᠠ ᠨᠢ ᠪᠣᠳᠠᠲᠤ ᠪᠠᠶᠢᠯᠳᠤᠭᠠᠨ ᠪᠣᠳᠠᠲᠤ ᠰᠣᠷᠢᠯᠲᠠ ᠶᠢᠨ ᠴᠡᠷᠢᠭ ᠤᠨ ᠠᠬᠤᠢ ᠪᠠᠶᠢᠳᠠᠯ ᠢ ᠠᠮᠢᠳᠤᠯᠢᠭ ᠢᠶᠠᠷ ᠲᠤᠰᠬᠠᠵᠤ ᠂ ᠳᠠᠷᠤᠭ᠎ᠠ ᠪᠠᠶᠢᠯᠳᠤᠭᠴᠢᠳ ᠤᠨ ᠡᠷᠡᠯᠬᠡᠭ ᠪᠠᠭᠠᠲᠤᠷᠯᠢᠭ ᠬᠠᠳᠠᠨ ᠵᠣᠷᠢᠭ ᠪᠠ ᠪᠠᠶᠢᠯᠳᠤᠬᠤ ᠪᠠᠷ ᠴᠠᠭ ᠢᠮᠠᠭᠲᠠ ᠪᠡᠯᠡᠬᠡᠨ ᠪᠠᠶᠢᠬᠤ ᠂ ᠪᠠᠶᠢᠯᠳᠤᠭᠠᠨ ᠳᠤ ᠢᠯᠠᠯᠲᠠ ᠣᠯᠵᠤ ᠴᠢᠳᠠᠬᠤ ᠳᠠᠶᠢᠴᠢᠨ ᠳᠦᠷᠢ ᠪᠠᠶᠢᠳᠠᠯ ᠢ ᠢᠯᠡᠷᠡᠭᠦᠯᠪᠡ ᠃ ︽ ᠬᠢᠯᠢ ᠶᠢᠨ ᠪᠠᠶᠢᠯᠳᠤᠭᠠᠨ ᠤ ᠳᠠᠭᠤᠤ ︾ ᠲᠣᠭᠯᠠᠯᠳᠤ ᠳᠠᠭᠤᠯᠠᠯ ᠨᠢ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠲᠤ ᠦᠨᠳᠦᠰᠦᠯᠡᠵᠦ ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠬᠠᠶᠢᠷ᠎ᠠ ᠰᠡᠳᠬᠢᠯᠭᠡ ᠶᠢ ᠤᠶᠠᠩᠭᠠᠯᠠᠪᠠ ᠃ ︽ ᠨᠠᠮ ᠤᠨ ᠥᠬᠢᠨ ︾ ᠂ ︽ ᠢ ᠮᠧᠩ ᠤᠨ ᠮᠠᠭᠲᠠᠭᠠᠯ ︾᠎ ᠤᠨ ᠰᠣᠩᠭᠤᠮᠠᠯ ᠪᠠᠳᠠᠭ ᠪᠣᠯᠣᠨ ︽ ᠶᠠᠫᠤᠨ ᠢ ᠡᠰᠡᠷᠭᠦᠴᠡᠬᠦ ᠴᠡᠷᠢᠭ ᠤᠨ ᠶᠠᠪᠤᠳᠠᠯ ᠤᠯᠤᠰ ᠲᠦᠷᠦ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠳᠠᠭᠤᠤ ︾ ᠂ ︽ ᠪᠢᠳᠡ ᠲᠠᠷᠳᠠᠩ ᠵᠠᠮ ᠢᠶᠠᠷ ᠵᠠᠮᠨᠠᠨ᠎ᠠ ︾ ᠵᠡᠷᠭᠡ ᠰᠣᠩᠭᠤᠳᠠᠭ ᠳᠠᠭᠤᠤ ᠶᠢ ᠬᠤᠯᠪᠣᠨ ᠳᠠᠭᠤᠯᠠᠵᠤ ᠂ ᠭᠠᠶᠢᠬᠠᠮᠰᠢᠭᠲᠤ ᠣᠨ ᠰᠠᠷ᠎ᠠ ᠶᠢ ᠲᠠᠭᠢᠨ ᠡᠷᠭᠢᠴᠡᠭᠦᠯᠵᠦ ᠂ ᠲᠡᠮᠡᠴᠡᠯ ᠤᠨ ᠣᠮᠤᠭ ᠵᠣᠷᠢᠭ ᠢ ᠬᠥᠭᠵᠢᠭᠡᠪᠡ ᠃ ︽ ᠬᠤᠪᠴᠠᠰᠤ ᠤᠬᠢᠶᠠᠬᠤ ᠳᠠᠭᠤᠤ ᠶᠢ ᠲᠠᠭᠢᠨ ᠳᠠᠭᠤᠯᠠᠶ᠎ᠠ ︾ ᠦᠵᠡᠭᠳᠡᠯᠲᠦ ᠳᠠᠭᠤᠤ ᠪᠥᠵᠢᠭ ᠨᠢ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠦᠭᠰᠡᠨ ᠰᠡᠳᠬᠢᠯ ᠬᠥᠳᠡᠯᠭᠡᠮ᠎ᠡ ᠦᠵᠡᠭᠳᠡᠯ ᠢ ᠲᠣᠭᠯᠠᠨ ᠬᠠᠷᠠᠭᠤᠯᠵᠠᠢ ᠃ ︽ ᠣᠣᠷ ᠴᠢᠨᠠᠷ ︾ ᠣᠬᠤᠷ ᠵᠦᠴᠦᠭᠡ ᠂ ︽ ᠭᠠᠩ ᠫᠤᠤ ᠶᠢ ᠴᠢᠨᠢ ᠳᠤᠰᠤᠭᠰᠠᠨ ᠎ ᠨᠢ ︾ ᠪᠠᠭ᠎ᠠ ᠨᠠᠶᠢᠷᠠᠯ ᠳᠠᠭᠤᠤ ᠨᠢ ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠪᠠᠶᠢᠯᠳᠤᠭᠠᠨ ᠤ ᠦᠯᠢᠭᠡᠷ ᠪᠣᠯᠣᠨ ᠵᠠᠯᠠᠭᠤ ᠳᠠᠷᠤᠭ᠎ᠠ ᠪᠠᠶᠢᠯᠳᠤᠭᠴᠢ ᠶᠢᠨ ᠴᠡᠷᠢᠭ ᠢ ᠬᠦᠴᠦᠷᠬᠡᠭᠵᠢᠭᠦᠯᠦᠭᠰᠡᠨ ᠦᠯᠢᠭᠡᠷ ᠢ ᠶᠠᠷᠢᠵᠤ ᠂ ᠠᠷᠠᠳ ᠤᠨ ᠴᠡᠷᠢᠭ ᠠᠩᠭᠢ ᠶᠢᠨ ᠬᠤᠪᠢᠰᠬᠠᠯ ᠤᠨ ᠭᠧᠨ ᠢ ᠤᠯᠠᠮᠵᠢᠯᠠᠬᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠲᠤ ᠴᠢᠩᠭ᠎ᠠ ᠢᠲᠡᠭᠡᠯ ᠵᠣᠷᠢᠭ ᠢ ᠬᠠᠷᠠᠭᠤᠯᠪᠠ ᠃ ︽ ᠢᠷᠠᠭᠤ ᠠᠯᠳᠠᠷᠲᠠᠢ ᠪᠠᠷ ᠤᠷᠤᠭᠰᠢᠯᠠᠨ᠎ᠠ ︾ ᠬᠤᠯᠢᠮᠠᠭ ᠨᠠᠶᠢᠷᠠᠯ ᠳᠠᠭᠤᠤ ᠨᠢ ᠰᠦᠷ ᠵᠢᠪᠬᠤᠯᠠᠩᠲᠤ ᠭᠦᠭ ᠠᠶᠠᠰ ᠢᠶᠠᠷ ᠲᠣᠬᠯᠠᠯᠲᠠ ᠶᠢᠨ ᠠᠭᠤᠷ ᠠᠮᠢᠰᠬᠤᠯ ᠢ ᠤᠷᠭᠢᠯ ᠳᠤᠨᠢ ᠬᠦᠷᠭᠡᠵᠦ ᠂ ᠪᠦᠭᠦ ᠬᠦᠴᠦᠨ ᠢᠶᠠᠷ ᠢᠶᠠᠨ ᠴᠢᠷᠮᠠᠶᠢᠪᠠᠯ ᠯᠠᠪᠲᠠᠢ ᠠᠮᠵᠢᠯᠲᠠ ᠣᠯᠵᠤ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠥᠯᠥᠭᠡ ᠡᠷᠡᠯᠬᠡᠭᠯᠡᠨ ᠲᠡᠮᠡᠴᠡᠬᠦ ᠂ ᠴᠡᠷᠢᠭ ᠢ ᠬᠦᠴᠦᠷᠬᠡᠭᠵᠢᠭᠦᠯᠵᠦ ᠲᠡᠷᠢᠭᠦᠨ ᠳᠤ ᠣᠷᠣᠬᠤ ᠪᠠᠷ ᠡᠷᠡᠮᠡᠬᠡᠶᠢᠯᠡᠨ ᠤᠷᠤᠭᠰᠢᠯᠠᠬᠤ ᠢᠲᠡᠭᠡᠯ ᠵᠣᠷᠢᠭ ᠢ ᠢᠯᠡᠷᠡᠭᠦᠯᠪᠡ ᠃ ᠪᠦᠭᠦ᠋ᠢᠯᠡ ᠲᠣᠬᠯᠠᠯᠲᠠ ᠨᠢ ᠳᠥᠭᠦᠮ ᠠᠪᠰᠠᠷᠬᠠᠨ ᠡᠭᠡᠯ ᠪᠣᠷᠣᠭᠵᠢᠭᠤᠨ ᠂ ᠴᠡᠷᠢᠭ ᠪᠠᠶᠢᠯᠳᠤᠭᠠᠨ ᠤ ᠦᠨᠦᠷ ᠠᠮᠲᠠ ᠥᠳᠬᠡᠨ ᠪᠠᠶᠢᠵᠤ ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠡᠷᠡᠯᠬᠡᠭᠯᠡᠨ ᠪᠠᠶᠢᠯᠳᠤᠵᠤ ᠢᠯᠠᠯᠲᠠ ᠣᠯᠬᠤ ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠤᠭ᠎ᠠ ᠶᠡᠭᠡ ᠠᠭᠤᠷ ᠠᠮᠢᠰᠬᠤᠯ ᠢ ᠢᠯᠡᠷᠡᠭᠦᠯᠪᠡ ᠃      ᠵᠠᠩ ᠶᠢᠦ ᠰᠢᠶᠠ ᠂ ᠾᠧ ᠸᠧᠢ ᠳ᠋ᠦᠩ ᠂ ᠯᠢᠦ ᠵᠧᠨ ᠯᠢ ᠂ ᠵᠠᠩ ᠱᠧᠩ ᠮᠢᠨ ᠬᠠᠮᠲᠤ ᠪᠠᠷ ᠲᠤᠬᠯᠠᠯᠲᠠ ᠶᠢ ᠰᠣᠨᠢᠷᠬᠠᠵᠠᠢ ᠃      ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ