| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 17 ᠤ ᠴᠠᠭᠢᠯᠭᠠᠨ ᠮᠡᠳᠡᠭᠡ 1 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠤᠷᠢᠯᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ ᠃ | ᠰᠢ ᠶᠢᠨ ᠫᠢᠩ ᠲᠧᠷᠠᠮᠫᠦ᠋ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠵᠦ ᠂ ᠪᠢᠳᠡ ᠴᠥᠮ ᠬᠠᠷᠢᠯᠴᠠᠨ | ᠬᠤᠷᠰᠢᠯᠴᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠴᠥᠮ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠠᠮᠧᠷᠢᠺᠠ ᠶᠢᠨ ᠶᠡᠷᠦᠩᠬᠡᠶᠢᠯᠡᠭᠴᠢ ᠶᠢᠨ ᠰᠢᠨ᠎ᠡ | ᠲᠤᠰᠢᠶᠠᠯ ᠤᠨ ᠬᠤᠭᠤᠴᠠᠭ᠎ᠠ ᠳᠤ ᠰᠠᠶᠢᠨ ᠡᠭᠢᠯᠡᠯᠲᠡ ᠲᠠᠢ ᠪᠤᠯᠬᠤ ᠶᠢ ᠬᠦᠰᠡᠵᠦ ᠪᠠᠶᠢᠨ᠎ᠠ ᠂ ᠳᠤᠷᠠᠲᠠᠶ᠎ᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠰᠢᠨ᠎ᠡ | ᠭᠠᠷᠤᠭ᠎ᠠ ᠳᠡᠭᠡᠷ᠎ᠡ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠠᠭᠤᠤ ᠶᠡᠭᠡ ᠤᠯᠤᠰ ᠴᠥᠮ ᠥᠪᠡᠷ ᠥᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠵᠦ ᠂ ᠴᠥᠮ ᠠᠷᠠᠳ | ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠪᠠᠷ ᠴᠢᠷᠮᠠᠶᠢᠵᠤ ᠪᠠᠶᠢᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠬᠤᠭᠤᠷᠣᠨᠳᠤ ᠥᠷᠭᠡᠨ | ᠳᠡᠯᠭᠡᠷ ᠬᠠᠮᠲᠤ ᠶᠢᠨ ᠠᠰᠢᠭ ᠲᠤᠰᠠ ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠵᠤ ᠂ ᠬᠠᠨᠢᠲᠠᠨ ᠪᠠ ᠨᠠᠶᠢᠵᠠ ᠪᠣᠯᠣᠯᠴᠠᠵᠤ ᠂ ᠬᠠᠷᠢᠯᠴᠠᠨ | ᠠᠮᠵᠢᠯᠲᠠ ᠪᠦᠲᠦᠮᠵᠢ ᠣᠯᠬᠤ ᠶᠢ ᠠᠬᠢᠭᠤᠯᠵᠤ ᠂ ᠬᠠᠮᠲᠤ ᠪᠠᠷ ᠴᠡᠴᠡᠭᠯᠡᠨ ᠬᠥᠭᠵᠢᠵᠦ ᠂ ᠬᠤᠶᠠᠷ ᠤᠯᠤᠰ ᠲᠤ ᠪᠤᠶᠠᠨ ᠦᠢᠯᠡᠳᠴᠦ ᠂ ᠳᠡᠯᠡᠬᠡᠢ ᠳ᠋ᠠᠬᠢᠨ ᠳᠤ ᠠᠰᠢᠭ | ᠬᠦᠷᠲᠡᠭᠡᠵᠦ ᠪᠣᠯᠣᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠤᠯᠤᠰ ᠤᠨ ᠪᠠᠶᠢᠳᠠᠯ ᠢᠶᠠᠷ ᠢᠶᠠᠨ ᠠᠳᠠᠯᠢ ᠪᠤᠰᠤ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ ᠂ ᠳᠤᠮᠳᠠᠳᠤ ᠠᠮᠧᠷᠢᠺᠠ ᠶᠢᠨ | ᠬᠤᠭᠤᠷᠣᠨᠳᠤ ᠵᠥᠷᠢᠯᠳᠦᠭᠡᠨ ᠭᠠᠷᠬᠤ ᠨᠢ ᠵᠠᠶᠢᠯᠠᠰᠢ ᠦᠭᠡᠢ ᠶᠤᠮ ᠂ ᠵᠠᠩᠭᠢᠯᠠᠭ᠎ᠠ ᠨᠢ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠢ ᠭᠦᠨᠳᠦᠳᠭᠡᠵᠦ ᠂ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠠᠷᠭ᠎ᠠ ᠵᠠᠮ ᠢ ᠣᠯᠬᠤ ᠳᠤ ᠪᠠᠶᠢᠨ᠎ᠠ ᠃ ᠲᠠᠶᠢᠸᠠᠨ ᠤ ᠠᠰᠠᠭᠤᠳᠠᠯ ᠨᠢ | ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠳᠤ ᠬᠤᠯᠪᠣᠭᠳᠠᠨ᠎ᠠ ᠂ ᠠᠮᠧᠷᠢᠺᠠ ᠶᠢᠨ ᠲᠠᠯ᠎ᠠ ᠶᠢᠨ ᠬᠢᠨ | ᠡᠷᠬᠡᠪᠰᠢ ᠪᠣᠯᠭᠤᠮᠵᠢᠲᠠᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠮᠥᠨ ᠴᠢᠨᠠᠷ ᠪᠣᠯ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ ᠂ ᠡᠰᠡᠷᠭᠦᠴᠡᠯᠳᠦᠯ ᠮᠥᠷᠭᠦᠯᠳᠦᠭᠡᠨ ᠨᠢ ᠪᠢᠳᠡᠨ ᠤ ᠰᠣᠩᠭᠤᠯᠲᠠ ᠪᠢᠰᠢ ᠶᠤᠮ ᠃ ᠬᠤᠶᠠᠷ | ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠷᠴᠢᠮ ᠢᠶᠠᠷ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠪᠣᠯᠣᠨ ᠳᠡᠯᠡᠬᠡᠢ ᠳ᠋ᠠᠬᠢᠨ ᠳᠤ ᠠᠰᠢᠭᠲᠠᠢ ᠶᠡᠭᠡ ᠶᠠᠪᠤᠳᠠᠯ ᠂ ᠪᠣᠳᠠᠲᠤ ᠶᠠᠪᠤᠳᠠᠯ ᠂ ᠰᠠᠶᠢᠨ ᠶᠠᠪᠤᠳᠠᠯ ᠢ | ᠢᠯᠡᠭᠦᠬᠡᠨ ᠬᠢᠵᠦ ᠂ ᠳᠤᠮᠳᠠᠳᠤ ᠠᠮᠧᠷᠢᠺᠠ ᠬᠤᠶᠠᠷ ᠲᠣᠮᠣ ᠬᠥᠯᠭᠡ ᠣᠩᠭᠤᠴᠠ ᠶᠢ ᠲᠣᠭᠲᠠᠭᠤᠨ ᠂ ᠡᠷᠡᠭᠦᠯ ᠂ ᠦᠷᠭᠦᠯᠵᠢᠯᠡᠬᠦ ᠬᠥᠭᠵᠢᠯᠲᠡ ᠶᠢᠨ ᠠᠶᠠᠯᠠᠯ ᠤᠨ | ᠵᠠᠮ ᠢᠶᠠᠷ ᠲᠠᠰᠤᠷᠠᠯᠳᠠ ᠦᠭᠡᠢ ᠤᠷᠤᠭᠰᠢᠯᠠᠭᠤᠯᠤᠶ᠎ᠠ ᠭᠡᠵᠦ ᠵᠢᠭᠠᠵᠤ ᠭᠠᠷᠭᠠᠪᠠ ᠃ | ᠲᠧᠷᠠᠮᠫᠦ᠋ ᠲᠡᠷᠢᠭᠦᠯᠡᠭᠴᠢ ᠰᠢ ᠶᠢᠨ ᠫᠢᠩ ᠤᠨ ᠪᠠᠶᠠᠷ ᠬᠦᠷᠭᠡᠭᠰᠡᠨ ᠳᠤ ᠲᠠᠯᠠᠷᠬᠠᠵᠤ ᠂ ᠲᠡᠷᠢᠭᠦᠯᠡᠭᠴᠢ ᠰᠢ ᠶᠢᠨ ᠫᠢᠩ ᠯᠦᠭᠡ ᠶᠢᠨ ᠠᠭᠤᠤ ᠶᠡᠭᠡ | ᠬᠠᠷᠢᠯᠴᠠᠭ᠎ᠠ ᠶᠢ ᠮᠠᠰᠢ ᠨᠠᠨᠳᠢᠩᠨᠠᠵᠤ ᠪᠠᠶᠢᠨ᠎ᠠ ᠂ ᠶᠠᠷᠢᠯᠴᠠᠭ᠎ᠠ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠬᠤ ᠶᠢ ᠬᠦᠰᠡᠵᠦ ᠪᠠᠶᠢᠨ᠎ᠠ ᠂ ᠲᠡᠷᠢᠭᠦᠯᠡᠭᠴᠢ ᠰᠢ ᠶᠢᠨ | ᠫᠢᠩ ᠲᠠᠢ ᠡᠷᠲᠡᠬᠡᠨ ᠠᠭᠤᠯᠵᠠᠬᠤ ᠶᠢ ᠬᠦᠰᠡᠵᠦ ᠪᠠᠶᠢᠨ᠎ᠠ ᠃ ᠠᠮᠧᠷᠢᠺᠠ ᠳᠤᠮᠳᠠᠳᠤ ᠪᠣᠯ ᠣᠳᠣᠬᠠᠨ ᠤ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠤᠯᠤᠰ ᠪᠣᠯᠣᠨ᠎ᠠ ᠂ | ᠥᠨᠢ ᠤᠳᠠᠭᠠᠨ ᠤ ᠨᠥᠭᠦᠷᠰᠡᠭ ᠪᠠᠶᠢᠬᠤ ᠪᠠᠨ ᠪᠠᠲᠤᠯᠠᠵᠤ ᠂ ᠳᠡᠯᠡᠬᠡᠢ ᠶᠢᠨ ᠡᠩᠬᠡ ᠲᠠᠶᠢᠪᠤᠩ ᠢ ᠬᠠᠮᠲᠤ ᠪᠠᠷ ᠬᠠᠮᠠᠭᠠᠯᠠᠪᠠᠯ ᠵᠣᠬᠢᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠦᠺᠷᠠᠶᠢᠨ ᠤ ᠬᠢᠮᠤᠷᠠᠯ ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ | ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ | ᠬᠤᠶᠠᠷ ᠤᠯᠤᠰ ᠤᠨ ᠲᠡᠷᠢᠭᠦᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠶᠢᠨ ᠠᠷᠭ᠎ᠠ ᠵᠠᠮ ᠢ ᠪᠠᠶᠢᠭᠤᠯᠵᠤ ᠂ ᠬᠤᠶᠠᠷ ᠤᠯᠤᠰ ᠤᠨ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ ᠃ | | | |