| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ | ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ | ᠠᠷᠠᠳ ᠤᠨ ᠶᠡᠭᠡ ᠬᠤᠷᠠᠯ ᠤᠨ ᠲᠠᠩᠬᠢᠮ ᠳᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢ | ᠬᠠᠮᠲᠤ ᠪᠠᠷ ᠤᠭᠲᠤᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ | ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | | 1 ᠰᠠᠷ᠎ᠠ ᠶᠢᠨ 20 ᠤ ᠡᠳᠦᠷ᠂ ᠰᠢ ᠶᠢᠨ ᠫᠢᠩ᠂ ᠸᠠᠩ ᠬᠤ᠋ ᠨᠢᠩ᠂ ᠼᠠᠢ ᠴᠢ ᠨᠠᠷ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠨᠠᠮ ᠤᠨ | ᠭᠠᠳᠠᠨᠠᠬᠢ ᠬᠥᠮᠥᠰ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢ ᠬᠠᠮᠲᠤ ᠪᠠᠷ ᠤᠭᠲᠤᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃ | ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠳᠤᠮᠳᠠᠳᠤ ᠤᠯᠤᠰ ᠤᠨ | ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ | ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ | ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ | ᠳᠤᠮᠳᠠᠳᠤ ᠤᠯᠤᠰ ᠤᠨ ᡁᠢᠭᠦ᠋ᠩᠳᠠᠩ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ | ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ | ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠰᠢᠶᠧ ᠰᠢᠶᠣᠣ ᠯᠢᠶᠠᠩ᠂ ᠰᠢᠦᠢ ᠸᠧᠢ ᠭᠠᠩ ᠨᠠᠷ ᠤᠷᠢᠯᠭ᠎ᠠ ᠪᠠᠷ ᠣᠷᠣᠯᠴᠠᠵᠠᠢ᠃ ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ | ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ ᠳᠡᠳ᠋ ᠲᠡᠷᠢᠭᠦᠯᠡᠭᠴᠢ ᠪᠤᠢ᠃ | ᠼᠠᠢ ᠳ᠋ᠠ ᠹᠧᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ | ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠲᠡᠷᠡ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠲᠣᠭᠲᠠᠭᠠᠯ ᠭᠠᠷᠭᠠᠵᠤ᠂ ᠥᠷᠢᠰᠦᠯᠳᠦᠭᠡᠨ ᠢ ᠯᠠᠪᠳᠠᠭᠤᠨ | ᠲᠣᠭᠲᠠᠭᠤᠨ ᠢᠶᠠᠷ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠰᠢᠨ᠎ᠡ ᠠᠮᠵᠢᠯᠲᠠ ᠭᠢᠯᠪᠡᠷ ᠪᠤᠰᠤ ᠪᠦᠲᠦᠮᠵᠢ ᠣᠯᠪᠠ᠃ ᠰᠢᠨ᠎ᠡ ᠨᠢᠭᠡ ᠵᠢᠯ ᠳᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠬᠠᠮᠰᠠᠷ ᠠᠴᠠ ᠪᠠᠨ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠪᠣᠯᠣᠨ | ᠤᠯᠤᠰ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ | ᠵᠠᠰᠠᠭ ᠲᠤ ᠲᠤᠰᠠᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃ | ᠼᠠᠢ ᠳ᠋ᠠ ᠹᠧᠩ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2024 ᠣᠨ ᠪᠣᠯ ᠪᠢᠳᠡᠨ ᠤ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ | ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ | ᠪᠢᠳᠡ ᠡᠯ᠎ᠡ ᠱᠠᠲᠤ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠠᠰᠢᠭᠲᠠᠢ ᠨᠥᠬᠦᠴᠡᠯ ᠪᠠ ᠠᠰᠢᠭ ᠦᠭᠡᠢ ᠬᠦᠴᠦᠨ ᠵᠦᠢᠯ ᠢ ᠵᠥᠪ | ᠡᠵᠡᠮᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ ᠢ ᠨᠢ ᠨᠡᠮᠡᠭᠳᠡᠭᠦᠯᠪᠡ᠃ ᠪᠢᠳᠡ ᠡᠯ᠎ᠡ | ᠵᠦᠢᠯ ᠤᠨ ᠬᠠᠳᠠᠭᠠᠯᠠᠮᠵᠢ ᠶᠢᠨ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠮ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠬᠦᠴᠦᠯᠡᠨ | ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠰᠠᠶᠢᠵᠢᠷᠠᠯᠲᠠ ᠲᠠᠢ ᠪᠣᠯᠵᠤ᠂ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 5% ᠪᠠᠷ ᠨᠡᠮᠡᠭᠳᠡᠪᠡ᠃ ᠪᠢᠳᠡ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ ᠠᠯᠢ ᠤᠯᠠᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠴᠦᠲᠡᠢ ᠠᠬᠢᠭᠤᠯᠪᠠ᠃ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ | ᠵᠦᠢᠯ ᠤᠨ ᠠᠵᠢᠯ ᠦᠢᠯᠡᠰ ᠤᠨ ᠵᠣᠬᠢᠴᠠᠩᠭᠤᠢ ᠪᠠᠷ ᠵᠡᠷᠭᠡᠴᠡᠨ ᠤᠷᠤᠭᠰᠢᠯᠠᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ | ᠬᠦᠴᠦᠲᠡᠢ ᠪᠣᠯᠵᠤ᠂ ᠠᠷᠠᠳ ᠤᠯᠠᠨ ᠨᠡᠩ ᠤᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠪᠠ᠃ ᠪᠢᠳᠡ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ | ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠥᠭᠵᠢᠯᠲᠡ | ᠳᠠᠪᠰᠢᠯᠳᠠ ᠶᠢ ᠠᠬᠢᠭᠤᠯᠬᠤ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡ᠃ ᠪᠢᠳᠡ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠨᠠᠮ ᠤᠨ | ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ | ᠮᠡᠷᠡᠶᠢᠨ ᠴᠢᠷᠮᠠᠶᠢᠭᠰᠠᠨ ᠤ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ 2024 ᠣᠨ ᠪᠣᠯ ᠪᠠᠰᠠ ᠴᠤ ᠣᠯᠠᠨ ᠨᠠᠮ ᠬᠠᠮᠲᠤᠷᠠᠨ ᠠᠵᠢᠯᠯᠠᠬᠤ ᠦᠢᠯᠡᠰ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠴᠦ᠂ | ᠥᠷᠨᠢᠭᠦᠨ ᠬᠥᠭᠵᠢᠭᠰᠡᠨ ᠨᠢᠭᠡ ᠵᠢᠯ ᠮᠥᠨ᠃ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠬᠢᠵᠡᠢ ᠭᠡᠵᠦ ᠵᠢᠭᠠᠵᠤ | ᠭᠠᠷᠭᠠᠪᠠ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢ ᠲᠥᠯᠥᠭᠡᠯᠡᠨ᠂ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ | ︕ ᠭᠡᠵᠦ ᠢᠯᠡᠳᠬᠡᠪᠡ᠃ | ᠰᠢ ᠶᠢᠨ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠃ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ | ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠭᠤᠣᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠵᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠥᠷᠭᠡᠨ ᠳᠡᠯᠭᠡᠷᠡᠩᠭᠦᠢ ᠪᠠᠷ ᠬᠥᠮᠥᠰ ᠤᠨ ᠰᠡᠳᠬᠢᠯ ᠢ | ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 | ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠵᠢᠯᠢ ᠲᠥᠪᠲᠦ ᠲᠣᠭᠤᠷᠢᠭ ᠢ ᠤᠯᠠᠮ ᠨᠢᠭᠡ ᠠᠯᠬᠤᠮ | ᠰᠠᠶᠢᠲᠤᠷ ᠵᠢᠷᠤᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠡᠨᠡ ᠬᠦ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ ᠲᠦᠷᠦ ᠶᠢᠨ | ᠨᠠᠮ ᠤᠨ ᠪᠠᠶᠢᠭᠤᠯᠤᠯ ᠤᠨ ᠦᠨᠳᠦᠰᠦᠨ ᠣᠨᠴᠠᠯᠢᠭ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ | ᠳᠤᠯᠠᠭᠠᠴᠠᠭᠤᠯᠬᠤ᠂ ᠰᠡᠳᠬᠢᠯ ᠢ ᠨᠢᠭᠡᠳᠬᠡᠬᠦ ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠦᠨᠡᠨ ᠬᠦ ᠬᠥᠭᠵᠢᠯᠲᠡ ᠶᠢᠨ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠰᠠᠨᠠᠭᠤᠯᠭ᠎ᠠ ᠳᠤᠷᠠᠳᠬᠤ ᠵᠡᠷᠭᠡ ᠲᠠᠢ ᠨᠢᠭᠲᠠ ᠤᠶᠠᠯᠳᠤᠭᠤᠯᠤᠨ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠣᠯᠳᠠᠯᠭ᠎ᠠ ᠲᠠᠢ ᠪᠡᠷᠬᠡ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃ | ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ | ᠵᠢᠯᠤᠭᠤᠳᠴᠤ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠪᠠᠲᠤᠯᠠᠵᠤ᠂ ᠬᠥᠭᠵᠢᠯᠲᠡ ᠶᠢᠨ ᠢᠲᠡᠭᠡᠯ ᠢ ᠨᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠣᠭᠲᠠᠭᠠᠨ | ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ | ᠥᠷᠭᠡᠨ ᠤᠯᠠᠨ ᠪᠦᠷᠢᠯᠳᠦᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠬᠤ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠬᠤ᠂ ᠡᠷᠡᠮᠡᠬᠡᠶᠢᠯᠡᠨ | ᠤᠷᠤᠭᠰᠢᠯᠠᠬᠤ ᠬᠦᠴᠦᠨ ᠢ ᠰᠢᠩᠭᠡᠬᠡᠨ ᠠᠪᠬᠤ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠪᠠᠷ ᠳᠠᠮᠵᠢᠨ ᠰᠤᠷᠲᠠᠯ ᠢ ᠬᠤᠪᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠱᠢ ᠲᠠᠢ ᠹᠧᠩ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ | | | |