| ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ | ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾ | ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ | ᠢ ᠬᠢᠨᠠᠨ ᠵᠥᠪᠯᠡᠵᠡᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 20 ᠤ ᠡᠳᠦᠷ ᠬᠤᠷᠠᠯ ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ | ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠪᠣᠯᠣᠨ ᠲᠥᠪ ᠤᠨ ᠱᠦᠵᠢ ᠨᠠᠷ ᠤᠨ ᠭᠠᠵᠠᠷ ᠤᠨ 2024 ᠣᠨ ᠤ ᠠᠵᠢᠯ ᠢ ᠭᠦᠢᠴᠡᠳ ᠨᠤᠲᠠᠯᠠᠵᠤ᠂ 2025 ᠣᠨ ᠤ ᠠᠵᠢᠯ ᠤᠨ | ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠲᠥᠪ ᠤᠨ ᠱᠦᠵᠢ ᠨᠠᠷ ᠤᠨ ᠭᠠᠵᠠᠷ ᠨᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠂ ᠢᠳᠡᠪᠬᠢᠲᠡᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ | ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠥᠭᠡᠷᠡᠴᠢᠯᠡᠯᠲᠡ ᠶᠢ ᠵᠢᠯᠤᠭᠤᠳᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ᠃ | ᠬᠤᠷᠠᠯ ᠠᠴᠠ᠂ ᠰᠢᠨ᠎ᠡ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ | ᠴᠢᠭᠯᠡᠯ ᠢᠶᠠᠨ ᠨᠢᠭᠡᠳᠬᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠪ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢ ᠪᠤᠢ | ᠪᠣᠯᠭᠠᠨ ᠦᠢᠯᠡᠳᠦᠯᠭᠡᠵᠢᠭᠦᠯᠵᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠬᠢᠵᠦ ᠴᠢᠳᠠᠮᠠᠭᠠᠢ | ᠠᠵᠢᠯᠯᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ | ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠪ ᠤᠨ ᠱᠦᠵᠢ ᠨᠠᠷ ᠤᠨ ᠭᠠᠵᠠᠷ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ | ᠤᠯᠤᠰ ᠲᠦᠷᠦ ᠶᠢᠨ ᠴᠢᠳᠠᠪᠤᠷᠢ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠣᠯᠣᠨ ᠥᠨᠢᠳᠡ ᠶᠢᠨ ᠬᠥᠭᠵᠢᠯᠲᠡ ᠲᠠᠢ ᠬᠤᠯᠪᠣᠭᠳᠠᠬᠤ ᠮᠢᠩᠭᠠᠨ ᠣᠨ ᠤ ᠠᠤᠭ᠎ᠠ ᠪᠣᠳᠣᠯᠭ᠎ᠠ ᠮᠥᠨ᠂ | ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠠᠮᠠᠭᠠᠯᠠᠬᠤ ᠶᠢ ᠴᠢᠬᠤᠯᠠᠴᠢᠯᠠᠬᠤ᠂ ᠵᠠᠰᠠᠯᠲᠠ ᠪᠠᠷ | ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ | ᠪᠠᠶᠢᠭᠠᠯᠢ ᠶᠢᠨ ᠵᠢᠮ᠎ᠡ ᠶᠣᠰᠣ ᠶᠢ ᠭᠦᠨᠳᠦᠳᠭᠡᠵᠦ᠂ ᠤᠰᠤ ᠬᠢᠭᠡᠳ ᠬᠥᠮᠥᠨ ᠠᠮᠠ᠂ ᠠᠮᠤ ᠪᠤᠳᠠᠭ᠎ᠠ᠂ ᠡᠨᠧᠷᠭᠢ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ | ᠰᠢᠢᠳᠪᠦᠷᠢᠯᠡᠵᠦ᠂ ᠬᠥᠭᠵᠢᠯᠲᠡ ᠶᠢᠨ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠳᠡᠭᠡᠷ᠎ᠡ ᠤᠷᠤᠰᠬᠠᠯ ᠤᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠠᠷᠴᠢᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ | ᠳᠤᠮᠳᠠ ᠤᠷᠤᠰᠬᠠᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠣᠣᠷ᠎ᠠ ᠤᠷᠤᠰᠬᠠᠯ ᠤᠨ ᠨᠤᠭᠤ ᠭᠠᠵᠠᠷ ᠤᠨ ᠬᠠᠮᠠᠭᠠᠯᠠᠯᠲᠠ ᠪᠠ ᠠᠮᠢ | ᠠᠬᠤᠢ ᠶᠢᠨ ᠵᠠᠰᠠᠯᠲᠠ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠤᠰᠤ ᠠᠷᠪᠢᠯᠠᠬᠤ ᠳᠠᠯᠳᠠ | ᠬᠦᠴᠦᠨ ᠢ ᠭᠦᠨ ᠠᠭᠤᠳᠠᠯᠬᠤ ᠬᠡᠷᠡᠭᠲᠡᠢ᠃ ᠬᠠᠲᠤᠨ ᠭᠤᠣᠯ ᠤᠨ ᠡᠭᠦᠷᠢᠳᠡ ᠨᠣᠮᠣᠬᠠᠨ ᠳᠥᠯᠭᠡᠨ ᠪᠠᠶᠢᠬᠤ ᠶᠢ ᠥᠴᠥᠬᠡᠨ ᠴᠦ ᠰᠤᠯᠠᠷᠠᠭᠤᠯᠤᠯ ᠦᠭᠡᠢ ᠪᠠᠲᠤᠯᠠᠵᠤ᠂ | ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ | ᠵᠡᠷᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠲᠠᠰᠤᠷᠠᠯᠳᠠ ᠦᠭᠡᠢ | ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠬᠠᠲᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠤᠨ ᠪᠦᠬᠦᠯᠢ | ᠴᠣᠭᠴᠠ ᠶᠢᠨ ᠴᠢᠨᠠᠷᠲᠠᠢ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠢᠵᠠᠭᠤᠷ ᠢ | ᠤᠯᠠᠮᠵᠢᠯᠠᠨ ᠵᠠᠯᠭᠠᠮᠵᠢᠯᠠᠵᠤ᠂ ᠰᠣᠶᠣᠯ ᠪᠣᠯᠣᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ | ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠮᠤᠵᠢ | ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |