| ᠰᠢᠨᠬᠤᠸᠠ ᠬᠤᠷᠢᠶᠠᠨ ᠤ ᠪᠡᠬᠡᠵᠢᠩ ᠤᠨ 1 ᠳ᠋ᠦ᠋ᠭᠡᠷ ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ᠳᠤᠮᠳᠠᠳᠤ ᠤᠯᠤᠰ ᠤᠨ ᠡᠪ ᠬᠠᠮᠳ᠋ᠪ ᠨᠠᠮ ᠤᠨ ᠳᠦᠪ | ᠬᠤᠷᠢᠶᠠᠨ ᠤ ᠤᠯᠤᠰ ᠲᠥᠷᠥ ᠶᠢᠨ ᠳᠣᠪᠴᠢᠶᠠᠨ ᠤ ᠪᠠᠶᠢᠩᠭᠤ ᠶᠢᠨ ᠬᠡᠰᠢᠭᠦᠠ᠂ ᠲᠥᠷᠥ ᠶᠢᠨ ᠶᠠᠪᠤᠲᠠᠯ ᠤᠨ ᠬᠤᠷᠢᠶᠠᠨ ᠤ ᠶᠠᠷᠣᠩᠭᠡᠢ ᠰᠠᠶᠢᠣᠠ ᠯᠢ ᠴᠢᠶᠠᠩ 1 ᠳ᠋ᠦ᠋ᠭᠡᠷ | ᠰᠠᠷ᠎ᠠ ᠶᠢᠨ 20 ᠤ ᠡᠳᠦᠷ ᠤᠨ ᠦᠲᠡ ᠶᠢᠨ ᠬᠤᠶᠢᠨ᠎ᠠ ᠳᠤᠰᠬᠠᠢ ᠮᠡᠷᠬᠡᠵᠢᠯᠲᠠᠨ᠂ ᠠᠵᠤ ᠠᠬᠤᠶᠢᠯᠠᠯᠲᠠᠨ ᠪᠠ ᠰᠤᠷᠭᠠᠨ ᠬᠦᠮᠦᠵᠢᠯ ᠰᠢᠨᠵᠢᠯᠡᠭᠦ ᠤᠬᠠᠭᠠᠨ ᠰᠤᠶᠤᠯ | ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠬᠡ ᠬᠦᠷᠢᠶᠡᠨ ᠤ ᠳᠦᠯᠦᠬᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠲᠤᠭᠤᠯᠵᠤ᠂ ︽ᠵᠠᠰᠠᠭ ᠤᠨ | ᠤᠷᠲᠤᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ | ᠰᠠᠭᠤᠳᠠᠯ ᠤᠨ ᠬᠤᠷᠠᠯ ᠳᠡᠭᠡᠷ᠎ᠡ᠂ ᠵᠠᠩ ᠬᠤᠢ᠂ ᠷᠧᠨ ᠱᠤᠤ ᠪᠥᠸᠧ᠂ ᠯᠢᠦ ᠵᠢᠶᠦ᠋ᠨ᠂ ᠯᠢᠶᠠᠩ ᠸᠧᠨ ᠹᠧᠩ᠂ ᠸᠧᠢ ᠬᠤᠩ ᠰᠢᠩ᠂ ᠴᠧᠨ ᠰᠢᠤᠸᠠᠢ ᠳ᠋ᠦᠩ᠂ | ᠴᠧᠨ ᠬᠤᠩ ᠶᠠᠨ᠂ ᠳ᠋ᠦ᠋ ᠪᠢᠨ᠂ ᠽᠸᠦ ᠵᠢᠩ ᠶᠤᠸᠠᠨ ᠨᠠᠷ ᠤᠷᠢᠳ ᠬᠤᠵᠢᠳ ᠦᠭᠡ ᠬᠡᠯᠡᠪᠡ᠃ ᠨᠢᠳᠤᠨᠤᠨ ᠭᠠᠳᠠᠭᠠᠳᠤ ᠶᠢᠨ ᠳᠠᠷᠤᠯᠲᠠ ᠶᠡᠬᠡᠰᠴᠦ᠂ | ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠮᠠᠨ ᠤ ᠤᠯᠤᠰ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠡᠭᠦᠳᠦᠯᠲᠡ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠨᠡᠶᠢᠲᠡᠯᠡᠨ᠂ ᠠᠵᠤ ᠠᠬᠤᠶ ᠶᠢᠨ ᠲᠠᠯ᠎ᠠ ᠳᠤ | ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠵᠠᠬ᠎ᠠ ᠳᠡᠯᠭᠡᠭᠦᠷ ᠤᠨ ᠵᠢᠱᠢᠯᠲᠡ ᠪᠠ ᠨᠡᠶᠢᠭᠡᠮ ᠤᠨ | ᠢᠲᠡᠭᠡᠯ ᠵᠣᠷᠢᠭ ᠪᠦᠲᠦᠮᠵᠢᠲᠡᠶ ᠳᠡᠭᠡᠭᠰᠢᠯᠡᠵᠦ᠂ ᠣᠯᠣᠭᠰᠠᠨ ᠠᠮᠵᠢᠯᠲᠠ ᠪᠦᠲᠦᠮᠵᠢ ᠴᠦ ᠬᠢᠯᠪᠠᠷ ᠪᠤᠰᠤ ᠶᠤᠮ ᠭᠡᠵᠦ ᠣᠯᠠᠨ ᠢᠶᠠᠷ ᠢᠶᠠᠨ ᠦᠵᠡᠵᠡᠭᠡᠪᠡ᠃ | ᠣᠯᠠᠨ ᠢᠶᠠᠷ ᠢᠶᠠᠨ ᠪᠠᠰᠠ ᠥᠪᠡᠷᠰᠡᠳ ᠤᠨ ᠢᠶᠠᠨ ᠬᠦᠷᠢᠶ᠎ᠡ ᠯᠦᠭᠡ ᠤᠶᠠᠯᠳᠤᠭᠤᠯᠤᠨ᠂ ᠣᠳᠣᠬᠠᠨ ᠤ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | | | 1 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠳᠤ ᠲᠤᠰᠬᠠᠢ ᠮᠡᠷᠭᠡᠵᠢᠯᠲᠡᠨ᠂ ᠠᠵᠤ | ᠠᠬᠤᠶᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ ᠯᠦᠭᠡ ᠶᠢᠨ | ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠤᠤᠷᠠᠭ︶︾ ᠤᠨ ᠲᠠᠯ᠎ᠠ ᠪᠠᠷ | ᠬᠢ ᠰᠠᠨᠠᠯ ᠰᠠᠨᠠᠭᠤᠯᠭ᠎ᠠ ᠶᠢ ᠰᠣᠨᠣᠰᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠷᠣᠤ ᠠᠢ ᠮᠢᠠ ᠰᠠᠭᠦᠲᠠᠷᠯᠠᠪᠠ | ᠣᠯᠠᠨ ᠤ ᠶᠠᠷᠢᠶ᠎ᠠ ᠶᠢ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠤᠯᠤᠰ ᠢᠶᠠᠷ ᠢᠶᠠᠨ ᠡᠷᠡᠮᠡᠬᠡᠶᠢᠯᠡᠨ | ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠲᠣᠭᠲᠠᠭᠤᠨ ᠤ ᠳᠤᠮᠳᠠ | ᠤᠷᠤᠭᠰᠢᠯᠠᠵᠤ᠂ ᠪᠥᠬᠦ ᠵᠢᠯ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ︽ᠲᠣᠭᠲᠠᠭᠤᠨ︾ ᠤ ᠰᠠᠭᠤᠷᠢ ᠨᠠᠩ ᠪᠠᠬᠢᠵᠢᠵᠦ᠂ ︽ᠤᠷᠤᠭᠰᠢᠯᠠᠯᠲᠠ︾ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠥᠬᠡᠶ ᠴᠢᠩᠭᠠᠷᠠᠪᠠ᠃ | ᠡᠭᠦᠨ ᠤ ᠬᠠᠮᠲᠤ᠂ ᠮᠠᠨ ᠤ ᠤᠯᠤᠰ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠢᠯᠠᠩᠭᠤᠶ᠎ᠠ ᠭᠠᠳᠠᠭᠠᠳᠤ | ᠣᠷᠴᠢᠨ ᠨᠥᠬᠦᠴᠡᠯ ᠤᠨ ᠲᠣᠭᠲᠠᠪᠤᠷᠢ ᠦᠭᠡᠢ ᠡᠯᠧᠮᠧᠨ᠋ᠲ ᠳᠡᠭᠡᠭᠰᠢᠯᠡᠵᠦ ᠪᠣᠢ᠂ ᠡᠳᠡᠭᠡᠷ ᠪᠠᠶᠢᠳᠠᠯ ᠢ ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠶᠢ ᠠᠵᠠ | ᠲᠣᠬᠢᠶᠠᠯ ᠪᠣᠯᠭᠠᠨ ᠬᠤᠪᠢᠷᠠᠭᠤᠯᠬᠤ ᠳᠤ ᠴᠢᠳᠠᠮᠠᠭᠠᠢ ᠪᠠᠶᠢᠬᠤ ᠬᠡᠷᠡᠭᠲᠡᠢ᠃ ᠮᠠᠨ ᠤ ᠤᠯᠤᠰ ᠲᠤ ᠪᠠᠶᠢᠭᠤᠯᠤᠯ᠂ ᠵᠠᠬ᠎ᠠ ᠳᠡᠯᠭᠡᠭᠦᠷ᠂ ᠠᠵᠤ ᠦᠢᠯᠡᠰ᠂ ᠴᠢᠳᠠᠪᠤᠷᠢᠲᠠᠨ | ᠵᠡᠷᠭᠡ ᠶᠡᠷᠦᠩᠬᠡᠶᠢᠯᠡᠭᠰᠡᠨ ᠳᠠᠪᠠᠭᠤᠯᠢᠭ ᠲᠠᠢ ᠪᠠᠶᠢᠵᠤ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠬᠠᠰᠠᠨ ᠦᠭᠡᠶ | ᠮᠥᠷᠲᠡᠭᠡᠨ ᠬᠤᠪᠢᠷᠠᠬᠤ ᠴᠤ ᠦᠭᠡᠶ ᠶᠤᠮ᠂ ᠥᠪᠡᠷ ᠤᠨ ᠠᠵᠢᠯ ᠶᠠᠪᠤᠳᠠᠯ ᠢᠶᠠᠨ ᠡᠷᠡᠰ ᠭᠤᠶᠢᠪᠢᠰᠢ ᠦᠭᠡᠶ ᠰᠠᠶᠢᠲᠤᠷ ᠬᠢᠳᠡᠭ ᠯᠡ ᠶᠤᠮ ᠪᠣᠯ ᠮᠠᠨ ᠤ ᠤᠯᠤᠰ ᠤᠨ | ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠯᠠᠪᠲᠠᠶ ᠠᠬᠢᠭᠤᠯᠵᠤ ᠴᠢᠳᠠᠨ᠎ᠠ ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠡᠩ ᠢᠳᠡᠪᠬᠢᠲᠡᠢ ᠡᠳ᠋ ᠤᠨ ᠵᠠᠰᠠᠭ ᠤᠨ | ᠲᠦᠷᠦ ᠶᠢᠨ ᠪᠤᠳᠤᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠣᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠂ ᠡᠳ᠋ ᠤᠨ ᠵᠠᠰᠠᠭ ᠤᠨ ᠲᠦᠷᠦ ᠶᠢᠨ | ᠪᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠤᠷᠤᠭᠰᠢ ᠪᠠᠨ ᠬᠦᠴᠦᠯᠡᠵᠦ᠂ ᠪᠣᠳᠠᠲᠠᠢ ᠵᠠᠷᠤᠯᠭ᠎ᠠ ᠶᠢ ᠲᠦᠷᠭᠡᠨ ᠪᠦᠷᠢᠯᠳᠦᠭᠦᠯᠵᠦ᠂ ᠵᠣᠭᠤᠰᠣᠨ ᠤ ᠲᠦᠷᠦ ᠶᠢᠨ | ᠪᠤᠳᠤᠯᠭ᠎ᠠ ᠳᠤ ᠬᠥᠳᠡᠯᠦᠩᠭᠦᠢ ᠴᠢᠨᠠᠷ ᠢᠶᠠᠨ ᠭᠦᠢᠴᠡᠳ ᠪᠠᠶᠢᠯᠭᠠᠬᠤ ᠶᠢ ᠪᠠᠲᠤᠯᠠᠨ᠂ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠭᠦᠢᠴᠡᠳ | ᠰᠢᠯᠵᠢᠬᠦ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠬᠤᠯᠠᠴᠢᠯᠠᠵᠤ᠂ ᠥᠷᠢᠰᠥᠯᠳᠦᠭᠡᠨ ᠢ ᠠᠷᠭᠠᠴᠠᠭᠠᠬᠤ᠂ | ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠶᠢ ᠲᠠᠭᠠᠨ ᠮᠥᠷᠳᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ | ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠭᠦᠢᠴᠡᠳ ᠲᠡᠭᠦᠯᠳᠡᠷᠵᠢᠭᠦᠯᠬᠦ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠲᠦᠭᠵᠢᠷᠡᠯ ᠢ | ᠨᠡᠪᠲᠡᠷᠡᠭᠦᠯᠬᠦ ᠶᠢᠨ ᠲᠣᠭᠤᠷᠢᠨ ᠳᠤ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠲᠦᠭᠡᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ᠂ ᠭᠠᠭᠴᠠ ᠲᠠᠯ᠎ᠠ ᠪᠠᠷ ᠨᠡᠭᠡᠭᠡᠯᠲᠡ ᠬᠢᠬᠦ ᠶᠢ ᠡᠮᠬᠢ ᠵᠢᠷᠤᠮ ᠲᠠᠢ | ᠥᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ | ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠤᠨ ᠬᠤᠰᠢᠭᠤᠷᠠᠯ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠭᠡᠨ ᠠᠬᠢᠭᠤᠯᠵᠤ᠂ ᠨᠡᠩ ᠤᠯᠠᠨ ᠠᠵᠤ ᠠᠬᠤᠢ ᠶᠢᠨ ᠰᠢᠨ᠎ᠡ ᠨᠡᠮᠡᠭᠳᠡᠯ | ᠴᠡᠭ ᠢ ᠴᠢᠷᠮᠠᠶᠢᠨ ᠪᠤᠶᠢᠵᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠨᠡᠩ ᠴᠢᠷᠮᠠᠶᠢᠨ ᠬᠦᠴᠦᠯᠡᠵᠦ᠂ ᠰᠠᠭᠤᠭᠠᠯᠢ ᠠᠷᠠᠳ ᠤᠨ | ᠣᠷᠣᠯᠭ᠎ᠠ ᠪᠠᠨ ᠨᠡᠮᠡᠭᠳᠡᠭᠦᠯᠦᠨ ᠳᠠᠷᠤᠭᠠᠰᠤ ᠪᠠᠨ ᠬᠥᠩᠭᠡᠷᠡᠭᠦᠯᠬᠦ ᠶᠢ ᠨᠢ ᠠᠬᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠯᠢ ᠴᠢᠶᠠᠩ᠂ ᠤᠯᠠᠨ ᠢᠶᠠᠷ ᠢᠶᠠᠨ ᠥᠪᠡᠷᠰᠡᠳ ᠤᠨ ᠢᠶᠠᠨ ᠬᠦᠷᠢᠶᠡᠨ ᠳᠤ ᠪᠠᠨ ᠬᠦᠴᠦᠯᠡᠨ ᠴᠢᠷᠮᠠᠶᠢᠵᠤ᠂ ᠠᠵᠢᠯ ᠬᠢᠵᠦ ᠦᠢᠯᠡᠰ ᠪᠤᠰᠬᠠᠬᠤ ᠶᠢᠨ ᠬᠠᠮᠲᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ | ᠡᠦ ᠵᠧᠩ ᠯᠦᠩ ᠰᠠᠭᠤᠳᠠᠯ ᠤᠨ ᠬᠤᠷᠠᠯ ᠳᠤ ᠣᠷᠣᠯᠴᠠᠪᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠤᠷᠠᠭ︶︾ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠴᠠ | ᠵᠡᠷᠭᠡ ᠳᠤ ᠨᠢ ᠰᠠᠨᠠᠯ ᠬᠤᠷᠢᠶᠠᠪᠠ᠃ | | | |