ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ | ᠲᠣᠭᠤᠷᠢᠨ ᠤ ᠶᠠᠮᠤᠨ ᠠᠴᠠ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ | ︵ᠳᠣᠷᠣᠭᠰᠢ ︽ᠠᠰᠠᠭᠤᠯᠲᠠ ᠬᠠᠷᠢᠭᠤᠯᠲᠠ ︾ ᠭᠡᠵᠦ ᠳᠥᠭᠦᠮᠴᠢᠯᠡᠨ᠎ᠡ ︶ ᠭᠡᠬᠦ ᠨᠣᠮ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠵᠦ᠂ ᠰᠤᠷᠤᠯᠴᠠᠯᠭ᠎ᠠ ᠶᠢᠨ | ᠬᠡᠪᠯᠡᠯ ᠤᠨ ᠬᠤᠷᠢᠶ᠎ᠠ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠵᠦ᠂ ᠲᠣᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠪᠠ᠃ | ︽ᠠᠰᠠᠭᠤᠯᠲᠠ ᠬᠠᠷᠢᠭᠤᠯᠲᠠ ︾ ᠨᠢ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠬᠥᠭᠵᠢᠯᠲᠡ ᠶᠢᠨ | ᠠᠯᠬᠤᠭ᠎ᠠ ᠶᠢ ᠴᠢᠩᠭ᠎ᠠ ᠳᠠᠭᠠᠵᠤ ᠂ ᠣᠨᠣᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ ᠂ ᠠᠰᠠᠭᠤᠯᠲᠠ ᠬᠠᠷᠢᠭᠤᠯᠲᠠ ᠶᠢᠨ ᠭᠡᠯᠪᠡᠷᠢ ᠪᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠂ ᠰᠢᠨᠵᠢᠯᠡᠬᠦ ᠤᠬᠠᠭᠠᠨᠴᠢ ᠰᠢᠰᠲ᠋ᠧᠮ ᠂ ᠭᠤᠣᠯ ᠠᠭᠤᠯᠭ᠎ᠠ ᠂ ᠪᠠᠶᠠᠯᠢᠭ ᠠᠭᠤᠯᠤᠭᠳᠠᠬᠤᠨ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠂ ᠭᠦᠨᠵᠡᠭᠡᠢ ᠪᠥᠭᠡᠳ ᠣᠶᠢᠯᠠᠭᠠᠮᠵᠢᠲᠠᠢ ᠢᠯᠡᠷᠡᠭᠦᠯᠵᠦ ᠂ ᠥᠷᠭᠡᠨ ᠣᠯᠠᠨ ᠨᠠᠮ ᠤᠨ ᠭᠡᠰᠢᠭᠦᠨ ᠂ | ᠺᠠᠳ᠋ᠷ ᠂ ᠣᠯᠠᠨ ᠲᠦᠮᠡᠨ ᠤ ᠨᠠᠮ ᠤᠨ ᠰᠢᠨ᠎ᠡ ᠡᠭᠦᠳᠦᠯᠲᠡ ᠶᠢᠨ ᠣᠨᠣᠯ ᠢ ᠨᠠᠩ ᠭᠦᠨᠵᠡᠭᠡᠢ ᠰᠤᠷᠤᠯᠴᠠᠨ ᠣᠶᠢᠯᠠᠭᠠᠵᠤ ᠂ ᠨᠠᠩ ᠤᠬᠠᠮᠰᠠᠷ ᠠᠴᠠ ᠪᠠᠨ ᠲᠠᠷᠢᠬᠢ | ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠠᠷ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠬᠤ ᠳᠤ ᠬᠠᠪᠰᠤᠷᠤᠮᠵᠢ ᠪᠣᠯᠪᠠ ᠃ ︽ᠠᠰᠠᠭᠤᠯᠲᠠ ᠬᠠᠷᠢᠭᠤᠯᠲᠠ ︾ | ᠨᠢ ᠨᠡᠶᠢᠳᠡ 10 ᠬᠡᠰᠡᠭ ᠂ 50 ᠠᠰᠠᠭᠤᠯᠲᠠ ᠪᠠᠷ ᠪᠦᠷᠢᠯᠳᠦᠵᠦ ᠂ ᠠᠭᠤᠯᠭ᠎ᠠ ᠪᠠᠶᠠᠯᠢᠭ ᠂ ᠭᠡᠯᠪᠡᠷᠢ ᠰᠢᠨ᠎ᠡ ᠂ ᠭᠡᠷᠡᠯ ᠵᠢᠷᠤᠭ ᠦᠰᠦᠭ ᠪᠢᠴᠢᠭ ᠢ ᠬᠤᠣᠰᠯᠠᠭᠤᠯᠵᠤ ᠂ | ᠳᠦᠭᠦᠮ ᠣᠶᠢᠯᠠᠭᠠᠮᠵᠢᠲᠠᠢ ᠪᠠᠶᠢᠵᠤ ᠂ ᠥᠷᠭᠡᠨ ᠤᠯᠠᠨ ᠨᠠᠮ ᠤᠨ ᠭᠡᠰᠢᠭᠦᠨ ᠂ᠺᠠᠳ᠋ᠷ ᠂ᠤᠯᠠᠨ ᠲᠦᠮᠡᠨ ᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠬᠠᠪᠰᠤᠷᠤᠮᠵᠢ ᠶᠢᠨ ᠤᠩᠰᠢᠬᠤ ᠪᠢᠴᠢᠭ ᠪᠣᠯᠣᠨ᠎ᠠ ᠃ | | | |