| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ 1 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠤ᠋ ᠠᠭᠤᠯᠵᠠᠯᠲᠠ ᠬᠢᠪᠡ᠃ | | | | 1 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠤ᠋ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | | | ᠬᠤᠶᠠᠷ ᠤᠯᠤᠰ ᠤᠨ ᠲᠡᠷᠢᠭᠦᠨ ᠬᠠᠷᠢᠯᠴᠠᠨ ᠰᠢᠨ᠎ᠡ ᠵᠢᠯ ᠤᠨ ᠵᠥᠩᠨᠡᠯ ᠳᠡᠪᠰᠢᠭᠦᠯᠪᠡ ᠃ ᠰᠢ ᠶᠢᠨ ᠫᠢᠩ ᠂ ᠬᠡᠳᠦᠨ ᠡᠳᠦᠷ ᠥᠩᠭᠡᠷᠡᠪᠡᠯ ᠳᠤᠮᠳᠠᠳᠤ | ᠤᠯᠤᠰ ᠤᠨ ᠴᠠᠭᠠᠨ ᠰᠠᠷ᠎ᠠ ᠪᠣᠯᠣᠨ᠎ᠠ ᠂ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠡᠨᠡ ᠬᠦ ᠴᠠᠭ ᠮᠥᠴᠡ ᠳᠤ ᠶᠡᠷᠦᠩᠬᠡᠶᠢᠯᠡᠭᠴᠢ ᠠᠪᠤᠭᠠᠢ ᠲᠠᠢ | ᠸᠢᠳᠢᠤ᠋ ᠪᠠᠷ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠰᠢᠨ᠎ᠡ ᠨᠢᠭᠡ ᠵᠢᠯ ᠳᠤ ᠳᠤᠮᠳᠠᠳᠤ ᠤᠷᠤᠰ ᠤᠨ ᠬᠠᠷᠢᠯᠴᠠᠭ᠎ᠠ ᠥᠷᠨᠢᠨ ᠬᠥᠭᠵᠢᠬᠦ ᠶᠢ ᠬᠦᠰᠡᠨ | ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ ᠫᠦᠲ᠋ᠢᠨ ᠂ ᠰᠢᠨ᠎ᠡ ᠣᠨ ᠡᠬᠢᠯᠡᠮᠡᠭᠴᠡ ᠲᠡᠷᠢᠭᠦᠯᠡᠭᠴᠢ ᠰᠢ ᠶᠢᠨ ᠫᠢᠩ ᠲᠠᠢ ᠸᠢᠳᠢᠤ᠋ ᠪᠠᠷ ᠰᠠᠨᠠᠯ ᠢᠶᠠᠨ ᠰᠣᠯᠢᠯᠴᠠᠬᠤ | ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠴᠠᠭᠠᠨ ᠰᠠᠷ᠎ᠠ ᠳᠠᠭᠠᠨ ᠪᠠᠶᠠᠷ | ᠭᠦᠷ ᠲᠠᠢ ᠰᠢᠨᠡᠯᠡᠵᠦ ᠂ ᠲᠦᠮᠡᠨ ᠶᠠᠪᠤᠳᠠᠯ ᠲᠡᠭᠦᠰ ᠪᠦᠲᠦᠬᠦ ᠶᠢ ᠬᠦᠰᠡᠨ ᠵᠥᠩᠨᠡᠵᠦ ᠪᠠᠶᠢᠨ᠎ᠠ ᠭᠡᠵᠦ ᠢᠯᠡᠳᠬᠡᠪᠡ ᠃ | ᠰᠢ ᠶᠢᠨ ᠫᠢᠩ ᠂ 2024 ᠣᠨ ᠳᠤ ᠂ ᠪᠢᠳᠡ ᠭᠤᠷᠪᠠ ᠤᠳᠠᠭ᠎ᠠ ᠠᠭᠤᠯᠵᠠᠵᠤ ᠂ ᠮᠠᠰᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ ᠃ ᠬᠤᠶᠠᠷ | ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠵᠦ ᠂ ᠡᠭᠦᠷᠢᠳᠡ ᠶᠢᠨ ᠡᠶᠡᠯᠳᠡᠭ ᠬᠥᠷᠰᠢ ᠶᠢᠨ | ᠨᠥᠭᠦᠷᠰᠡᠭ ᠬᠠᠷᠢᠯᠴᠠᠭ᠎ᠠ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠪᠠᠷ ᠵᠣᠷᠢᠭ ᠰᠠᠨᠠᠭᠠᠨ ᠤ ᠴᠥᠮ᠎ᠡ ᠪᠤᠯᠭᠠᠬᠰᠠᠨ ᠳᠤᠮᠳᠠᠳᠤ ᠤᠷᠤᠰ ᠤᠨ ᠬᠠᠷᠢᠯᠴᠠᠭ᠎ᠠ ᠲᠠᠰᠤᠷᠠᠯᠳᠠ ᠦᠭᠡᠢ ᠰᠢᠨ᠎ᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠪᠠ ᠃ ᠳᠤᠮᠳᠠᠳᠤ ᠤᠷᠤᠰ ᠤᠨ ᠰᠣᠶᠣᠯ ᠤᠨ ᠣᠨ ᠭᠤᠶᠢᠳᠠ ᠰᠠᠶᠢᠬᠠᠨ ᠶᠠᠪᠤᠭᠳᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠣᠭᠲᠠᠭᠤᠨ ᠤ | ᠳᠤᠮᠳᠠ ᠤᠷᠤᠭᠰᠢᠯᠠᠵᠤ ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠨᠡᠮᠡᠭᠳᠡᠯ ᠤᠨ ᠬᠠᠨᠳᠤᠰᠢ ᠪᠠᠨ ᠪᠠᠲᠤᠯᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠤ ᠨᠢᠭᠲᠠ ᠬᠠᠮᠵᠢᠯᠴᠠᠵᠤ ᠂ | ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠨᠡᠩ ᠤᠯᠠᠨ ᠢᠳᠡᠪᠬᠢ ᠬᠦᠴᠦᠨ ᠬᠠᠩᠭᠠᠵᠠᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠰᠢᠨ᠎ᠡ ᠨᠢᠭᠡ ᠵᠢᠯ ᠳᠤ ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠂ ᠳᠤᠮᠳᠠᠳᠤ ᠤᠷᠤᠰ ᠤᠨ ᠬᠠᠷᠢᠯᠴᠠᠭ᠎ᠠ ᠶᠢᠨ | ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠬᠥᠲᠥᠯᠥᠨ ᠳᠠᠭᠠᠭᠤᠯᠵᠤ ᠂ ᠳᠤᠮᠳᠠᠳᠤ ᠤᠷᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠣᠯᠣᠨ ᠤᠶᠠᠨ | ᠬᠠᠳᠠᠨ ᠴᠢᠨᠠᠷ ᠢᠶᠠᠷ ᠭᠠᠳᠠᠭᠠᠳᠤ ᠣᠷᠴᠢᠨ ᠤ ᠲᠤᠬᠳᠠᠭᠠᠯᠳᠤ ᠪᠤᠰᠤ ᠴᠢᠨᠠᠷ ᠢ ᠠᠷᠭᠠᠴᠠᠭᠠᠵᠤ ᠂ ᠬᠤᠶᠠᠷ ᠤᠯᠤᠰ ᠤᠨ ᠬᠥᠭᠵᠢᠯ ᠮᠠᠨᠳᠤᠯ ᠢ ᠬᠠᠮᠲᠤ ᠪᠠᠷ ᠠᠬᠢᠭᠤᠯᠵᠤ ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ ᠂ ᠬᠠᠷᠢᠯᠴᠠᠨ ᠡᠷᠡᠰ ᠳᠡᠮᠵᠢᠯᠴᠡᠵᠦ ᠂ ᠬᠤᠶᠠᠷ ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠠᠮᠠᠭᠠᠯᠠᠶ᠎ᠠ ᠃ ᠬᠤᠶᠠᠷ ᠲᠠᠯ᠎ᠠ ᠶᠢᠨ | ᠬᠠᠷᠢᠯᠴᠠᠭ᠎ᠠ ᠶᠢ ᠪᠠᠬᠢᠵᠢᠭᠦᠯᠦᠨ ᠥᠷᠭᠡᠳᠬᠡᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠶ᠎ᠠ ᠃ ᠡᠨᠡ ᠵᠢᠯ ᠪᠣᠯ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠂ ᠵᠥᠪᠯᠡᠯᠲᠦ ᠬᠤᠯᠪᠣᠭᠠᠲᠤ ᠤᠯᠤᠰ ᠤᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ ᠃ ᠳᠤᠮᠳᠠᠳᠤ ᠤᠷᠤᠰ ᠬᠤᠶᠠᠷ ᠤᠯᠤᠰ ᠡᠭᠦᠨ ᠢᠶᠠᠷ ᠠᠵᠠ ᠲᠣᠭᠢᠶᠠᠯ ᠪᠤᠯᠭᠠᠵᠤ ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠳᠡᠯᠡᠬᠡᠢ ᠶᠢᠨ ᠬᠤᠶᠠᠳᠤᠭᠠᠷ ᠲᠠᠶᠢᠨ ᠤ | ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ ᠂ ᠡᠯ᠎ᠡ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠣᠯᠣᠨ ᠵᠠᠷᠴᠢᠮ ᠢ ᠬᠢᠴᠢᠶᠡᠩᠭᠦᠶᠢᠯᠡᠨ ᠵᠢᠷᠤᠮᠯᠠᠬᠤ ᠶᠢ ᠠᠬᠢᠭᠤᠯᠵᠤ ᠂ ᠨᠡᠶᠢᠳᠡᠮ ᠢᠶᠠᠷ ᠢᠶᠠᠨ ᠮᠡᠳᠡᠷᠡᠵᠦ ᠪᠠᠶᠢᠭ᠎ᠠ ᠤᠯᠠᠨ ᠤᠯᠤᠰ ᠤᠨ ᠬᠠᠷᠢᠯᠴᠠᠭᠠᠨ ᠤ | ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠂ ᠳᠤᠮᠳᠠᠳᠤ ᠤᠯᠤᠰ ᠳᠤᠷᠠᠲᠠᠶ᠎ᠠ ᠤᠷᠤᠰ ᠪᠣᠯᠣᠨ ᠪᠤᠰᠤᠳ ᠪᠦᠷᠢᠯᠳᠦᠭᠦᠨ | ᠤᠯᠤᠰ ᠲᠠᠢ ᠬᠠᠮᠲᠤ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠩ ᠴᠢᠨᠠᠷ ᠰᠠᠶᠢᠲᠠᠢ ᠬᠥᠭᠵᠢᠯᠲᠡ ᠂ ᠨᠡᠩ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠰᠢᠨ᠎ᠡ ᠱᠠᠲᠤᠨ ᠳᠤ ᠣᠷᠣᠬᠤ ᠶᠢ ᠠᠬᠢᠭᠤᠯᠤᠨ᠎ᠠ ᠃ ᠳᠤᠮᠳᠠᠳᠤ ᠤᠷᠤᠰ ᠪᠠᠰᠠ ︽ᠲᠣᠮᠣ ᠠᠯᠳᠠᠨ ᠲᠣᠭᠤᠰᠭ᠋᠎ᠠ ᠤᠯᠤᠰ ᠤᠳ ᠤᠨ | ᠬᠠᠮᠲᠤᠷᠠᠯᠴᠠᠭ᠎ᠠ ︾ ᠶᠢ ᠬᠠᠮᠲᠤ ᠪᠠᠷ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠵᠦ ᠥᠪᠡᠷ ᠢ ᠪᠠᠨ | ᠬᠦᠴᠦᠷᠬᠡᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠴᠢᠬᠤᠯᠠᠴᠢᠯᠠᠪᠠ ᠃ | ᠫᠦᠲ᠋ᠢᠨ ᠂ ᠤᠷᠤᠰ ᠳᠤᠮᠳᠠᠳᠤ ᠢᠮᠠᠭᠲᠠ ᠬᠠᠷᠢᠯᠴᠠᠨ ᠢᠲᠡᠭᠡᠯᠴᠡᠵᠦ ᠂ ᠬᠠᠷᠢᠯᠴᠠᠨ ᠳᠡᠮᠵᠢᠯᠴᠡᠵᠦ ᠂ ᠡᠷᠬᠡ ᠲᠡᠭᠰᠢ ᠪᠠᠷ ᠬᠠᠨᠳᠤᠵᠤ ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠡᠶᠢᠴᠡᠵᠦ ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ | ᠦᠭᠡᠢ ᠶᠤᠮ ᠃ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠡᠨᠧᠷᠭᠢ ᠶᠢᠨ ᠬᠠᠮᠲᠤᠷᠠᠯᠴᠠᠭ᠎ᠠ ᠰᠠᠶᠢᠨ ᠰᠠᠶᠢᠬᠠᠨ ᠬᠠᠨᠳᠤᠰᠢ ᠪᠠᠨ ᠪᠠᠲᠤᠯᠠᠵᠤ ᠂ ᠬᠠᠷᠢᠯᠴᠠᠨ | ᠠᠶᠢᠯᠴᠢᠯᠠᠬᠤ ᠵᠢᠭᠤᠯᠴᠢᠯᠠᠭᠴᠢᠳ ᠲᠠᠰᠤᠷᠠᠯᠳᠠ ᠦᠭᠡᠢ ᠨᠡᠮᠡᠭᠳᠡᠵᠦ ᠂ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠲᠠᠯᠠᠪᠤᠷ ᠲᠤ ᠨᠢᠭᠲᠠ ᠣᠯᠣᠯᠴᠠᠭ᠎ᠠ | ᠬᠠᠮᠵᠢᠯᠴᠠᠭ᠎ᠠ ᠪᠠᠨ ᠪᠠᠲᠤᠯᠠᠭᠰᠠᠨ ᠳᠤ ᠮᠠᠰᠢ ᠪᠠᠶᠠᠷ ᠲᠠᠢ ᠪᠠᠶᠢᠨ᠎ᠠ ᠃ ᠤᠷᠤᠰ ᠤᠨ ᠬᠢᠨ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ | ᠪᠣᠯᠣᠰᠢ ᠦᠭᠡᠢ ᠨᠢᠭᠡ ᠬᠡᠰᠡᠭ ᠪᠤᠯᠬᠤ ᠶᠢ ᠡᠷᠡᠰ ᠳᠡᠮᠵᠢᠵᠦ ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠠᠵᠢᠯᠯᠠᠭ᠎ᠠ ᠶᠢ ᠡᠷᠡᠰ | ᠡᠰᠡᠷᠭᠦᠴᠡᠨ᠎ᠡ ᠃ 80 ᠵᠢᠯ ᠤᠨ ᠡᠮᠦᠨ᠎ᠡ ᠂ ᠤᠷᠤᠰ ᠳᠤᠮᠳᠠᠳᠤ ᠬᠤᠶᠠᠷ ᠤᠯᠤᠰ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠲᠦᠷᠢᠮᠡᠬᠡᠶᠢᠯᠡᠭᠴᠢᠳ ᠢ ᠡᠰᠡᠷᠭᠦᠴᠡᠵᠦ ᠂ | ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠪᠠ ᠃ ᠡᠨᠡ ᠵᠢᠯ ᠪᠢᠳᠡ ᠬᠠᠮᠲᠤ ᠪᠠᠷ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ | ᠢᠯᠠᠯᠲᠠ ᠣᠯᠣᠭᠰᠠᠨ 80 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ ᠂ ᠳᠡᠯᠡᠬᠡᠢ ᠶᠢᠨ ᠬᠤᠶᠠᠳᠤᠭᠠᠷ ᠲᠠᠶᠢᠨ ᠤ ᠦᠷ᠎ᠡ ᠪᠦᠲᠦᠭᠡᠯ ᠢ ᠬᠠᠮᠠᠭᠠᠯᠠᠨ᠎ᠠ ᠃ | ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠬᠡᠷᠡᠭ ᠶᠠᠪᠤᠳᠠᠯ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠡᠯᠡᠬᠡᠢ ᠶᠢᠨ ᠡᠩᠬᠡ | ᠲᠠᠶᠢᠪᠤᠩ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ | ᠭᠦᠨᠵᠡᠭᠡᠢ ᠰᠣᠯᠢᠯᠴᠠᠵᠤ ᠂ ᠰᠢᠨ᠎ᠡ ᠨᠢᠭᠡ ᠵᠢᠯ ᠳᠤ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠬᠤ ᠶᠢ ᠵᠥᠪᠰᠢᠶᠡᠷᠡᠪᠡ ᠃ | ᠸᠠᠩ ᠢ ᠠᠵᠢᠯᠯᠠᠭ᠎ᠠ ᠳᠤ ᠣᠷᠣᠯᠴᠠᠵᠠᠢ ᠃ | | | |