| ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠶᠧ ᠭᠤᠸᠠᠩ ᠹᠦ᠋ ᠳᠤ ︽ ᠰᠠᠨᠰᠠᠷ ᠤᠨ ᠠᠶᠠᠯᠠᠯ ᠤᠨ ᠬᠤᠶᠠᠳᠤᠭᠠᠷ ᠳᠡᠰ ᠤᠨ ᠭᠠᠪᠢᠶᠠᠨ ᠲᠡᠮᠳᠡᠭ ︾ ᠣᠯᠭᠤᠵᠤ ᠯᠢ ᠼᠦᠩ ᠯᠢ ᠭᠤᠸᠠᠩ ᠰᠦ᠋ ᠳᠤ | ︽ ᠪᠠᠭᠠᠲᠤᠷ ᠰᠠᠨᠰᠠᠷᠴᠢᠨ ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ ᠰᠠᠨᠰᠠᠷ ᠤᠨ ᠠᠶᠠᠯᠠᠯ ᠤᠨ ᠭᠤᠷᠪᠠᠳᠤᠭᠠᠷ ᠳᠡᠰ ᠤᠨ ᠭᠠᠪᠢᠶᠠᠨ ᠲᠡᠮᠳᠡᠭ ︾ | ᠣᠯᠭᠤᠬᠤ ᠲᠤᠬᠠᠢ ᠲᠣᠭᠲᠠᠭᠠᠯ | ︵ 2025 ᠣᠨ ᠤ 1 ᠰᠠᠷ᠎ᠠ ᠶᠢᠨ 23 ᠤ ᠡᠳᠦᠷ ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 23 ᠤ ᠴᠠᠭᠢᠯᠭᠠᠨ ᠮᠡᠳᠡᠭᠡ 2024 ᠣᠨ ᠤ 4 ᠰᠠᠷ᠎ᠠ ᠶᠢᠨ 25 ᠤ ᠡᠳᠦᠷ ᠂ ᠬᠤᠪᠢᠯᠭᠠᠨ | ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠᠲᠠᠢ ᠬᠠᠷᠪᠤᠵᠤ ᠂ ᠰᠠᠨᠰᠠᠷᠴᠢᠨ ᠶᠧ ᠭᠤᠸᠠᠩ ᠹᠦ᠋ ᠂ ᠯᠢ ᠼᠦᠩ ᠂ ᠯᠢ | ᠭᠤᠸᠠᠩ ᠰᠦ᠋ ᠨᠢᠰᠬᠦ ᠣᠩᠭᠤᠴᠠᠨ ᠳᠤ ᠰᠠᠭᠤᠵᠤ ᠲᠢᠶᠠᠨ ᠾᠧ ᠭᠤᠣᠯ ᠦᠷᠦᠭᠡ ᠳᠤ ᠠᠮᠵᠢᠯᠲᠠᠲᠠᠢ ᠣᠷᠣᠵᠤ ᠂ ᠲᠣᠭᠤᠷᠢᠯᠲᠠ ᠶᠢᠨ ᠵᠠᠮ ᠳᠤ 6 ᠰᠠᠷ᠎ᠠ ᠠᠶᠠᠯᠠᠵᠤ ᠂ | ᠤᠷᠢᠳ ᠬᠤᠵᠢᠳ 2 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ ᠥᠷᠨᠢᠭᠦᠯᠵᠦ ᠂ 6 ᠤᠳᠠᠭ᠎ᠠ ᠠᠴᠢᠶᠠᠨ ᠤ ᠪᠠᠷᠠᠭᠠᠨ ᠤ ᠬᠡᠢ ᠶᠢᠨ ᠦᠷᠦᠭᠡ ᠠᠴᠠ ᠭᠠᠷᠴᠤ | ᠣᠷᠣᠬᠤ ᠡᠭᠦᠷᠭᠡ ᠶᠢ ᠪᠡᠶᠡᠯᠡᠭᠦᠯᠵᠦ ᠂ 80 ᠭᠠᠷᠤᠢ ᠵᠦᠢᠯ ᠤᠨ ᠰᠠᠨᠰᠠᠷ ᠤᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠳᠡᠰ ᠳᠡᠪᠰᠢᠭᠦᠯᠵᠦ ᠰᠡᠯᠪᠢᠨ ᠵᠠᠰᠠᠬᠤ | ᠡᠭᠦᠷᠭᠡ ᠶᠢ ᠪᠡᠶᠡᠯᠡᠭᠦᠯᠵᠦ ᠂ ᠵᠠᠭᠤ ᠰᠢᠬᠠᠮ ᠵᠦᠢᠯ ᠤᠨ ᠰᠠᠨᠰᠠᠷ ᠤᠨ ᠰᠢᠨᠵᠢᠯᠡᠬᠦ ᠤᠬᠠᠭᠠᠨ ᠤ ᠲᠤᠷᠰᠢᠯᠲᠠ ᠪᠣᠯᠣᠨ ᠬᠡᠷᠡᠭᠯᠡᠭᠡᠨ ᠤ ᠠᠴᠢᠶᠠᠨ ᠤ ᠲᠣᠭᠤᠷᠢᠯᠲᠠ ᠶᠢᠨ | ᠵᠠᠮ ᠳᠤ ᠲᠤᠷᠰᠢᠯᠲᠠ ᠬᠢᠵᠦ ᠂ 2024 ᠣᠨ ᠤ 11 ᠰᠠᠷ᠎ᠠ ᠶᠢᠨ 4 ᠤ ᠡᠳᠦᠷ ᠠᠮᠤᠷ ᠲᠦᠪᠰᠢᠨ ᠢᠶᠠᠷ ᠪᠤᠴᠠᠵᠤ ᠢᠷᠡᠪᠡ ᠃ ᠬᠤᠪᠢᠯᠭᠠᠨ ᠣᠩᠭᠤᠴᠠ ᠠᠷᠪᠠᠨ | ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ | ᠰᠠᠨᠰᠠᠷ ᠤᠨ ᠥᠷᠲᠡᠭᠡ ᠶᠢᠨ ᠬᠡᠷᠡᠭᠯᠡᠯᠲᠡ ᠪᠠ ᠬᠥᠭᠵᠢᠯᠲᠡ ᠶᠢᠨ ᠱᠠᠲᠤᠨ ᠳᠤ ᠣᠷᠣᠭᠰᠠᠨ ᠤ ᠳᠠᠷᠠᠭᠠᠬᠢ ᠭᠤᠷᠪᠠᠳᠤᠭᠠᠷ ᠤᠳᠠᠭ᠎ᠠ ᠶᠢᠨ ᠬᠥᠮᠥᠨ ᠰᠠᠭᠤᠯᠭᠠᠭᠰᠠᠨ | ᠨᠢᠰᠦᠯᠲᠡ ᠶᠢᠨ ᠡᠭᠦᠷᠭᠡ ᠪᠠᠶᠢᠵᠤ ᠂ ᠳᠤᠮᠳᠠᠳᠤ ᠤᠯᠤᠰ ᠤᠨ ᠰᠠᠨᠰᠠᠷᠴᠢᠨ ᠤ ᠭᠠᠭᠴᠠ ᠤᠳᠠᠭ᠎ᠠ ᠶᠢᠨ ᠡᠭᠦᠷᠭᠡ ᠳᠤ ᠲᠣᠭᠤᠷᠢᠯᠲᠠ ᠶᠢᠨ ᠵᠠᠮ ᠢᠶᠠᠷ ᠦᠷᠭᠦᠯᠵᠢᠯᠡᠨ | ᠨᠢᠰᠦᠭᠰᠡᠨ ᠴᠠᠭ ᠤᠨ ᠣᠷᠳᠣ ᠂ ᠭᠠᠭᠴᠠ ᠤᠳᠠᠭ᠎ᠠ ᠥᠷᠥᠭᠡ ᠠᠴᠠ ᠭᠠᠷᠴᠤ ᠬᠥᠳᠡᠯᠭᠡᠭᠡᠨ ᠬᠢᠭᠰᠡᠨ ᠴᠠᠭ ᠤᠨ ᠲᠡᠮᠳᠡᠭᠯᠡᠯ ᠢ ᠰᠢᠨᠡᠳᠬᠡᠵᠦ ᠂ ᠮᠠᠨ ᠤ ᠤᠯᠤᠰ ᠤᠨ | ᠲᠣᠭᠤᠷᠢᠯᠲᠠ ᠶᠢᠨ ᠵᠠᠮ ᠳᠠᠬᠢ ᠤᠰᠤᠨ ᠤ ᠠᠮᠢ ᠠᠬᠤᠢ ᠶᠢᠨ ᠰᠤᠳᠤᠯᠤᠯ ᠤᠨ ᠲᠥᠷᠥᠯ ᠵᠦᠢᠯ ᠢ ᠠᠩᠬ᠎ᠠ ᠤᠳᠠᠭ᠎ᠠ ᠲᠡᠭᠦᠰ ᠠᠮᠵᠢᠯᠲᠠ ᠲᠠᠢ ᠪᠡᠶᠡᠯᠡᠭᠦᠯᠵᠦ ᠂ | ᠳᠡᠯᠡᠬᠡᠢ ᠶᠢᠨ ᠠᠩᠬᠠᠳᠠᠭᠴᠢ ᠤᠳᠠᠭ᠎ᠠ ᠶᠢᠨ ᠤᠷᠭᠤᠮᠠᠯ ᠤᠨ ᠡᠰᠢ ᠶᠢᠨ ᠦᠵᠦᠭᠦᠷ ᠤᠨ ᠭᠤᠣᠯ ᠡᠰ ᠤᠨ ᠴᠢᠳᠠᠮᠵᠢ ᠶᠢᠨ ᠲᠣᠭᠤᠷᠢᠯᠲᠠ ᠶᠢᠨ ᠵᠠᠮ ᠳᠠᠬᠢ ᠰᠤᠳᠤᠯᠭᠠᠨ ᠢ | ᠬᠡᠷᠡᠭᠵᠢᠭᠦᠯᠵᠦ ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠢᠨ᠎ᠡ ᠠᠯᠬᠤᠮ ᠢ ᠠᠯᠬᠤᠭᠰᠠᠨ ᠢ ᠬᠠᠷᠠᠭᠤᠯᠵᠤ ᠂ ᠮᠠᠨ ᠤ ᠤᠯᠤᠰ ᠤᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ | ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠢᠲᠡᠭᠡᠯ ᠵᠣᠷᠢᠭ | ᠪᠠ ᠣᠮᠣᠭᠰᠢᠯᠲᠤ ᠰᠡᠳᠬᠢᠯᠭᠡ ᠶᠢ ᠤᠯᠠᠮ ᠨᠡᠮᠡᠭᠳᠡᠭᠦᠯᠵᠦ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠪᠦᠯᠬᠦᠮᠳᠡᠨ ᠲᠡᠮᠡᠴᠡᠬᠦ ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠥᠷᠭᠡᠨ | ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠂ ᠰᠠᠨᠰᠠᠷᠴᠢᠨ ᠂ ᠺᠠᠳ᠋ᠷ ᠠᠵᠢᠯᠲᠠᠨ ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ | ᠤᠶᠤᠨ ᠤᠬᠠᠭᠠᠨ ᠪᠠ ᠬᠦᠴᠦ ᠬᠥᠯᠥᠰᠦ ᠰᠢᠩᠭᠡᠵᠦ ᠪᠠᠶᠢᠨ᠎ᠠ ᠃ ᠶᠧ ᠭᠤᠸᠠᠩ ᠹᠦ᠋ ᠂ ᠯᠢ ᠼᠦᠩ ᠂ ᠯᠢ ᠭᠤᠸᠠᠩ ᠰᠦ᠋ ᠨᠥᠬᠦᠷ ᠪᠣᠯ ᠲᠡᠳᠡᠨ ᠤ ᠳᠣᠲᠣᠷᠠᠬᠢ | ᠭᠠᠷᠮᠠᠭᠠᠢ ᠲᠥᠯᠥᠭᠡᠯᠡᠭᠴᠢ ᠪᠣᠯᠣᠨ᠎ᠠ ᠂ ᠲᠡᠳᠡ ᠰᠡᠳᠬᠢᠯ ᠰᠢᠭᠤᠳᠤᠨ ᠨᠠᠮ ᠳᠠᠭᠠᠨ ᠵᠢᠳᠬᠦᠵᠦ ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠂ ᠡᠷᠡᠮᠡᠬᠡᠶᠢᠯᠡᠨ | ᠤᠷᠤᠭᠰᠢᠯᠠᠵᠤ ᠂ ᠪᠦᠯᠬᠦᠮᠳᠡᠨ ᠬᠠᠮᠵᠢᠯᠴᠠᠵᠤ ᠂ ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ ᠰᠠᠨᠠᠭ᠎ᠠ ᠂ ᠳᠤᠮᠳᠠᠳᠤ ᠤᠯᠤᠰ ᠤᠨ ᠬᠦᠴᠦᠨ | ᠴᠢᠳᠠᠯ ᠢ ᠬᠠᠷᠠᠭᠤᠯᠪᠠ ᠃ ᠶᠧ ᠭᠤᠸᠠᠩ ᠹᠦ᠋ ᠨᠥᠬᠦᠷ ᠬᠤᠶᠠᠷ ᠵᠢᠯ ᠤᠨ ᠳᠠᠷᠠᠭ᠎ᠠ ᠳᠠᠭᠢᠨ ᠰᠠᠨᠰᠠᠷ ᠲᠤ ᠭᠠᠷᠤᠭᠰᠠᠨ ᠪᠥᠭᠡᠳ ᠵᠢᠭᠠᠪᠤᠷᠢ ᠥᠭᠬᠦ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ ᠂ ᠮᠠᠨ ᠤ ᠤᠯᠤᠰ ᠤᠨ ᠠᠩᠬᠠᠳᠠᠭᠴᠢ ᠨᠡᠶᠢᠲᠡ ᠨᠢᠰᠦᠯᠲᠡ ᠶᠢᠨ ᠴᠠᠭ ᠨᠢᠭᠡ ᠵᠢᠯ ᠢ ᠳᠠᠪᠠᠭᠰᠠᠨ ᠰᠠᠨᠰᠠᠷᠴᠢᠨ ᠪᠣᠯᠪᠠ ᠃ ᠯᠢ ᠼᠦᠩ | ᠨᠥᠬᠦᠷ ᠯᠠᠪᠳᠠᠭᠤᠨ ᠪᠠᠲᠤᠲᠠᠢ ᠪᠣᠯᠪᠠᠰᠤᠷᠠᠵᠤ ᠂ ᠰᠢᠷᠭᠠᠭᠤ ᠬᠠᠲᠠᠭᠤᠵᠢᠯᠲᠠᠢ ᠳᠠᠪᠲᠠᠨ ᠪᠣᠯᠪᠠᠰᠤᠷᠠᠵᠤ ᠂ ᠢᠷᠠᠭᠤ ᠠᠯᠳᠠᠷᠲᠠᠢ ᠪᠠᠷ ᠬᠤᠪᠢᠯᠭᠠᠨ ᠣᠩᠭᠤᠴᠠ ᠠᠷᠪᠠᠨ | ᠨᠠᠢᠮᠠᠳᠤᠭᠠᠷ ᠤᠨ ᠨᠢᠰᠦᠯᠲᠡ ᠶᠢᠨ ᠳᠤᠭᠤᠶᠢᠯᠠᠩ ᠳᠤ ᠰᠣᠩᠭᠤᠭᠳᠠᠨ ᠣᠷᠣᠵᠤ ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ ᠃ ᠯᠢ ᠭᠤᠸᠠᠩ ᠰᠦ᠋ ᠨᠥᠬᠦᠷ | ᠯᠠᠪᠳᠠᠭᠤᠨ ᠲᠣᠭᠲᠠᠭᠤᠨ ᠪᠠᠶᠢᠵᠤ ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠠᠩᠬ᠎ᠠ ᠤᠳᠠᠭ᠎ᠠ ᠥᠷᠥᠭᠡᠨ ᠠᠴᠠ ᠭᠠᠷᠤᠮᠠᠭᠴᠠ ᠪᠠᠨ ᠣᠭᠲᠠᠷᠭᠤᠢ ᠶᠢᠨ | ᠥᠷᠲᠡᠭᠡᠨ ᠤ ᠣᠭᠲᠠᠷᠭᠤᠢ ᠶᠢᠨ ᠬᠡᠮᠬᠡᠳᠡᠭ ᠬᠡᠮᠬᠡᠷᠬᠡᠢ ᠶᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠭᠰᠠᠷᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ ᠃ ᠲᠡᠳᠡᠨ ᠤ | ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠤ ᠪᠠᠶᠢᠭᠤᠯᠤᠭᠰᠠᠨ ᠭᠠᠷᠮᠠᠭᠠᠢ ᠭᠠᠪᠢᠶ᠎ᠠ ᠵᠢᠳᠬᠦᠯ ᠢ ᠬᠥᠬᠢᠭᠦᠯᠦᠨ | ᠰᠠᠶᠢᠰᠢᠶᠠᠬᠤ ᠶᠢᠨ ᠲᠥᠯᠥᠭᠡ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠠᠴᠠ ᠶᠧ ᠭᠤᠸᠠᠩ ᠹᠦ᠋ ᠨᠥᠬᠦᠷ ᠲᠤ ︽ ᠬᠤᠶᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ ︾ ᠣᠯᠭᠤᠵᠤ ᠂ ᠯᠢ ᠼᠦᠩ ᠂ | ᠯᠢ ᠭᠤᠸᠠᠩ ᠰᠦ᠋ ᠨᠥᠬᠦᠷ ᠲᠤ ︽ ᠪᠠᠭᠠᠲᠤᠷ ᠰᠠᠨᠰᠠᠷᠴᠢᠨ ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ ᠭᠤᠷᠪᠠᠳᠤᠭᠠᠷ ᠳᠡᠰ ᠤᠨ ᠰᠠᠨᠰᠠᠷ ᠤᠨ | ᠠᠶᠠᠯᠠᠯ ᠤᠨ ᠭᠠᠪᠢᠶᠠᠨ ᠲᠡᠮᠳᠡᠭ ︾ ᠣᠯᠭᠤᠬᠤ ᠪᠠᠷ ᠲᠣᠭᠲᠠᠪᠠ ᠃ | ᠶᠧ ᠭᠤᠸᠠᠩ ᠹᠦ᠋ ᠂ ᠯᠢ ᠼᠦᠩ ᠂ ᠯᠢ ᠭᠤᠸᠠᠩ ᠰᠦ᠋ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠂ | ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ ᠬᠤᠰᠢᠭᠤᠴᠢ ᠪᠠᠶᠢᠵᠤ ᠂ ᠣᠷᠴᠢᠯᠠᠩ ᠢ ᠬᠠᠶᠢᠨ ᠰᠦᠪᠡᠭᠴᠢᠯᠡᠬᠦ ᠂ ᠰᠠᠨᠰᠠᠷ | ᠣᠭᠲᠠᠷᠭᠤᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ ᠃ ᠨᠠᠮ ᠤᠨ | ᠲᠥᠪ ᠬᠤᠷᠢᠶ᠎ᠠ ᠠᠴᠠ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠂ | ︽ ᠬᠤᠶᠠᠷ ᠪᠥᠮᠪᠦᠭᠡ ᠨᠢᠭᠡ ᠤᠳᠤ ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ | ᠬᠦᠴᠦᠯᠡᠨ ᠴᠢᠷᠮᠠᠶᠢᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ︕ ᠭᠡᠵᠦ ᠤᠷᠢᠶᠠᠯᠠᠪᠠ ᠃ | | | |