22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠯᠢᠶᠣᠤᠨᠢᠩ ᠤᠨ ᠬᠤ᠋ ᠯᠦ ᠳ᠋ᠤᠤ ᠬᠤᠲᠠ ᠶᠢᠨ ᠰᠦᠢ ᠵᠥᠩ ᠰᠢᠶᠠᠨ ᠤ ᠵᠦ | ᠵᠢᠶᠠ ᠭᠸᠦ ᠲᠣᠰᠬᠤᠨ ᠳᠤ ᠬᠦᠷᠴᠦ᠂ ᠨᠢᠳᠤᠨᠤᠨ ᠤ ᠦᠶᠡᠷ ᠤᠨ ᠭᠠᠮᠰᠢᠭ ᠤᠨ ᠳᠠᠷᠠᠭᠠᠬᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠰᠡᠷᠭᠦᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠣᠶᠢᠯᠠᠭᠠᠪᠠ᠃ ᠲᠣᠰᠬᠤᠨ ᠤ ᠠᠷᠠᠳ ᠸᠠᠩ ᠪᠦᠦ ᠸᠧᠶ ᠶᠢᠨ ᠭᠡᠷ ᠲᠤ᠂ ᠰᠢ ᠶᠢᠨ ᠫᠢᠩ | ᠭᠡᠷ ᠤᠨ ᠳᠣᠲᠣᠨ᠎ᠠ ᠭᠠᠳᠠᠨ᠎ᠠ᠂ ᠭᠡᠷ ᠪᠠᠶᠢᠰᠢᠩ ᠤᠨ ᠪᠦᠲᠦᠴᠡ ᠪᠠ ᠶᠠᠰᠤ ᠴᠢᠨᠠᠷ ᠢ ᠨᠠᠷᠢᠨ ᠪᠠᠶᠢᠴᠠᠭᠠᠨ ᠦᠵᠡᠵᠦ᠂ ᠨᠢᠭᠡ ᠭᠡᠷ ᠤᠨ ᠬᠥᠮᠦᠰ ᠲᠠᠢ ᠨᠢ ᠵᠣᠭᠤᠭᠳᠠᠵᠤ᠂ | ︽ᠭᠡᠷ ᠪᠠᠶᠢᠰᠢᠩ ᠤᠰᠤᠨ ᠳᠤ ᠳᠡᠪᠲᠦᠭᠡᠳ ᠬᠡᠳᠦᠢ ᠶᠠᠭᠤᠮ᠎ᠠ ᠬᠤᠬᠢᠷᠠᠭᠰᠠᠨ︾᠂ ︽ᠰᠢᠨ᠎ᠡ ᠭᠡᠷ ᠪᠠᠷᠢᠬᠤ ᠳᠤ ᠵᠠᠰᠠᠭ ᠤᠨ ᠣᠷᠳᠣᠨ ᠬᠡᠳᠦᠢ ᠨᠥᠬᠦᠪᠦᠷᠢᠯᠡᠵᠦ᠂ | ᠥᠪᠡᠷ ᠢᠶᠠᠨ ᠬᠡᠳᠦᠢ ᠵᠠᠷᠤᠴᠠᠭᠤᠯᠪᠠ︾᠂ ︽ᠭᠡᠷ ᠪᠦᠯᠢ ᠶᠢᠨ ᠣᠷᠣᠯᠭ᠎ᠠ ᠨᠢ ᠭᠤᠣᠯᠳᠠᠭᠤ ᠶᠠᠭᠤᠨ ᠳᠤ ᠲᠦᠰᠢᠭᠯᠡᠳᠡᠭ︾᠂ ︽ᠵᠠᠯᠠᠭᠤᠴᠤᠳ ᠬᠠᠮᠢᠭ᠎ᠠ ᠠᠵᠢᠯᠯᠠᠵᠤ | ᠪᠠᠶᠢᠬᠤ︾ ᠶᠢ ᠬᠠᠯᠠᠮᠵᠢᠯᠠᠨ ᠠᠰᠠᠭᠤᠪᠠ᠃ ᠸᠠᠩ ᠪᠦᠦ ᠸᠧᠢ ᠰᠡᠳᠬᠢᠯ ᠳᠣᠭᠳᠣᠯᠤᠮ᠎ᠠ ᠪᠠᠷ ᠶᠡᠷᠦᠩᠬᠡᠢ ᠱᠦᠵᠢ ᠳᠤ᠂ ᠡᠶᠢᠮᠦ ᠠᠭᠤᠵᠢᠭᠤ ᠭᠡᠷ ᠲᠤ ᠡᠳᠦᠢ ᠲᠦᠷᠭᠡᠨ | ᠰᠠᠭᠤᠵᠤ ᠳᠡᠶᠢᠯᠦᠨ᠎ᠡ ᠭᠡᠵᠦ ᠪᠣᠳᠣᠵᠤ ᠣᠯᠤᠭᠰᠠᠨ ᠦᠭᠡᠢ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ | ᠲᠠᠯᠠᠷᠬᠠᠵᠤ ᠪᠠᠶᠢᠨ᠎ᠠ ᠭᠡᠵᠡᠢ᠃ ᠰᠢ ᠶᠢᠨ ᠫᠢᠩ᠂ ᠠᠷᠠᠳ ᠲᠦᠮᠡᠨ ᠢ ᠳᠡᠭᠡᠳᠦᠯᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠬᠤ ᠪᠣᠯ ᠨᠠᠮ ᠪᠠ ᠵᠠᠰᠠᠭ ᠤᠨ | ᠣᠷᠳᠣᠨ ᠤ ᠬᠢᠪᠡᠰᠦ ᠵᠣᠬᠢᠬᠤ ᠶᠠᠪᠤᠳᠠᠯ ᠶᠤᠮ᠃ ᠲᠠ ᠨᠠᠷ ᠤᠨ ᠬᠦᠰᠡᠯ ᠳᠠᠷᠤᠢ ᠪᠢᠳᠡᠨ ᠤ ᠬᠦᠰᠡᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ | ᠵᠣᠯ ᠵᠢᠷᠭᠠᠯᠲᠤ ᠠᠮᠢᠳᠤᠷᠠᠯ ᠢᠶᠠᠨ ᠨᠡᠩ ᠰᠠᠶᠢᠬᠠᠨ ᠥᠩᠭᠡᠷᠡᠭᠡᠶ᠎ᠡ ᠭᠡᠪᠡ᠃ ︵ᠦᠰᠦᠭ ᠪᠢᠴᠢᠭ ᠤᠨ ᠰᠤᠷᠪᠤᠯᠵᠢᠯᠠᠭᠴᠢ᠄ ᠵᠠᠩ ᠰᠢᠶᠤᠤ ᠰᠦᠩ᠂ ᠵᠦ ᠵᠢᠢ ᠴᠠᠢ᠂ | ᠭᠡᠷᠡᠯ ᠵᠢᠷᠤᠭ ᠤᠨ ᠰᠤᠷᠪᠤᠯᠵᠢᠯᠠᠭᠴᠢ᠄ ᠰᠢᠶᠧ ᠬᠤᠸᠠᠨ ᡂᠢ᠂ ᠳ᠋ᠢᠩ ᠬᠠᠢ ᠲᠤᠤ︶ | | | | | | | | | | |