ᠰᠢ ᠶᠢᠨ ᠫᠢᠩ ᠴᠠᠭᠠᠨ ᠰᠠᠷ᠎ᠠ ᠠᠴᠠ ᠡᠮᠦᠨ᠎ᠡ ᠯᠢᠶᠣᠤᠨᠢᠩ ᠳᠤ ᠬᠦᠷᠴᠦ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠦᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠵᠦ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠥᠩᠨᠡᠪᠡ  ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2025/1/27
       ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 24᠎ ᠤ ᠴᠠᠭᠢᠯᠭᠠᠨ ᠮᠡᠳᠡᠭᠡ   ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠬᠢᠷ ᠬᠦᠢᠲᠡᠨ ᠢ ᠰᠥᠷᠦᠨ ᠯᠢᠶᠣᠤᠨᠢᠩ ᠳᠤ ᠬᠦᠷᠴᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ ᠰᠢᠶᠠᠩᠭᠠᠩ ᠤᠨ ᠠᠬ᠎ᠠ ᠳᠡᠭᠦᠦ᠂ ᠣᠣᠮᠧᠨ ᠤ ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠰᠢᠨ᠎ᠡ ᠶᠢᠨ ᠮᠡᠨᠳᠦ ᠬᠦᠷᠭᠡᠪᠡ︕ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠢᠯᠭᠤᠮ ᠤᠷᠤᠭᠰᠢᠲᠠᠢ᠂ ᠭᠡᠷ ᠬᠤᠲᠠᠯᠠᠭᠠᠷ ᠵᠣᠯ ᠵᠢᠷᠭᠠᠯ ᠲᠠᠢ᠂ ᠮᠣᠭᠠᠢ ᠵᠢᠯ ᠳᠤ ᠥᠯᠵᠡᠢ ᠪᠡᠯᠭᠡ ᠲᠠᠢ ᠪᠠᠶᠢᠬᠤ ᠶᠢ ᠵᠥᠩᠨᠡᠪᠡ︕ ᠠᠭᠤᠤ ᠶᠡᠭᠡ ᠡᠬᠡ ᠤᠯᠤᠰ ᠲᠦᠷᠦ ᠲᠦᠪᠰᠢᠨ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭᠰᠢ᠂ ᠴᠡᠴᠡᠭᠯᠡᠨ ᠬᠥᠭᠵᠢᠬᠦ ᠶᠢ ᠵᠥᠩᠨᠡᠪᠡ︕
      1 ᠰᠠᠷ᠎ᠠ ᠶᠢᠨ 22᠎ ᠠᠴᠠ 24᠎ ᠤ ᠡᠳᠦᠷ ᠪᠤᠯᠲᠠᠯ᠎ᠠ ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠪᠣᠯᠣᠨ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠤᠯᠤᠯᠭ᠎ᠠ ᠲᠠᠢ ᠪᠠᠷ ᠬᠤᠯᠤ ᠠᠷᠠᠯ ᠂ ᠮᠦᠭᠳᠡᠨ ᠂ ᠪᠧᠨ᠋ᠰᠢ ᠵᠡᠷᠭᠡ ᠭᠠᠵᠠᠷ ᠲᠤ ᠬᠦᠷᠴᠦ ᠂ ᠬᠥᠳᠡᠭᠡ ᠲᠣᠰᠬᠤᠨ ᠂ ᠵᠠᠬ᠎ᠠ ᠳᠡᠯᠭᠡᠭᠦᠷ ᠂ ᠨᠡᠶᠢᠭᠡᠮ ᠲᠣᠭᠤᠷᠢᠭ ᠂ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯᠣᠨ ᠵᠥᠩᠨᠡᠯ ᠢ ᠬᠦᠷᠭᠡᠪᠡ ᠃
      22᠎ ᠤᠨ ᠦᠳᠡ ᠶᠢᠨ ᠬᠤᠶᠢᠨ᠎ᠠ ᠂ ᠰᠢ ᠶᠢᠨ ᠫᠢᠩ ᠬᠤᠯᠤ ᠠᠷᠠᠯ ᠬᠤᠳᠠ ᠳᠤ ᠬᠦᠷᠴᠦ ᠂ ᠮᠠᠰᠢᠨ ᠲᠡᠷᠭᠡ ᠪᠠᠷ ᠴᠠᠭ ᠰᠢᠬᠠᠮ ᠶᠠᠪᠤᠭᠠᠳ ᠰᠦᠢ ᠵᠦᠩ ᠰᠢᠶᠠᠨ ᠤ ᠮᠢᠩ ᠱᠦᠢ ᠶᠢᠨ ᠮᠠᠨᠵᠤ ᠦᠨᠳᠦᠰᠦᠲᠡᠨ ᠤ ᠰᠢᠶᠠᠩ ᠤᠨ ᠵᠦ ᠵᠢᠶᠠ ᠭᠧᠦ ᠲᠣᠰᠬᠤᠨ ᠳᠤ ᠭᠦᠷᠪᠡ ᠃ ᠨᠢᠳᠤᠨᠤᠨ ᠤ 8 ᠰᠠᠷ᠎ᠠ ᠳᠤ ᠠᠳᠡ ᠬᠦᠨᠳᠦ ᠨᠣᠴᠢᠲᠠᠢ ᠦᠶᠡᠷ ᠤᠨ ᠭᠠᠮᠰᠢᠭ ᠪᠣᠯᠵᠤ ᠂ ᠡᠪᠦᠯ ᠪᠤᠯᠬᠤ ᠠᠴᠠ ᠡᠮᠦᠨ᠎ᠡ 41 ᠡᠷᠦᠭᠡ ᠲᠣᠰᠬᠤᠨ ᠤ ᠠᠷᠠᠳ ᠳᠠᠭᠢᠨ ᠪᠠᠶᠢᠭᠤᠯᠤᠭᠰᠠᠨ ᠰᠢᠨ᠎ᠡ ᠰᠠᠭᠤᠴᠠ ᠳᠤ ᠨᠡᠭᠦᠨ ᠣᠷᠣᠵᠠᠢ ᠃ ᠰᠢ ᠶᠢᠨ ᠫᠢᠩ ᠲᠣᠰᠬᠤᠨ ᠤ ᠵᠠᠬ᠎ᠠ ᠳᠤ ᠭᠠᠮᠰᠢᠭᠳᠠᠭᠰᠠᠨ ᠣᠷᠣᠨ ᠢ ᠪᠠᠶᠢᠴᠠᠭᠠᠨ ᠦᠵᠡᠵᠦ ᠂ ᠲᠤᠬᠠᠢ ᠶᠢᠨ ᠦᠶ᠎ᠡ ᠶᠢᠨ ᠭᠡᠷ ᠪᠠᠶᠢᠰᠢᠩ ᠤᠰᠤᠨ ᠳᠤ ᠠᠪᠲᠠᠭᠳᠠᠭᠰᠠᠨ ᠪᠠ ᠲᠣᠰᠬᠤᠨ ᠤ ᠠᠷᠠᠳ ᠢ ᠰᠢᠯᠵᠢᠭᠦᠯᠦᠭᠰᠡᠨ ᠪᠠᠶᠢᠳᠠᠯ ᠢ ᠨᠠᠷᠢᠨ ᠠᠰᠠᠭᠤᠵᠤ ᠂ ᠲᠠᠷᠠᠭ᠎ᠠ ᠨᠢ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠸᠢᠳᠢᠤ᠋ ᠂ ᠦᠵᠡᠭᠦᠯᠭᠡ ᠶᠢᠨ ᠰᠠᠮᠪᠠᠷ᠎ᠠ ᠠᠴᠠ ᠭᠠᠮᠰᠢᠭ ᠤᠨ ᠳᠠᠷᠠᠭᠠᠬᠢ ᠰᠡᠷᠭᠦᠭᠡᠨ ᠪᠦᠲᠦᠭᠡᠨ ᠪᠠᠶᠢᠭᠤᠯᠤᠭᠰᠠᠨ ᠠᠬᠢᠴᠠ ᠶᠢ ᠣᠶᠢᠯᠠᠭᠠᠵᠤ ᠂ ᠲᠤᠬᠠᠢ ᠶᠢᠨ ᠭᠠᠵᠠᠷ ᠤᠨ ᠺᠠᠳ᠋ᠷ ᠢ ᠡᠷᠬᠡᠪᠰᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠰᠠᠶᠢᠲᠤᠷ ᠲᠣᠬᠢᠷᠠᠭᠤᠯᠵᠤ ᠂ ᠳᠤᠯᠠᠭᠠᠬᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ ᠃
5.jpg
6.jpg
        ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠪᠣᠯᠬᠤᠷ ᠠᠶᠢᠯ ᠡᠷᠦᠭᠡ ᠪᠣᠯᠭᠠᠨ ᠬᠤᠣᠰ ᠤᠶᠠᠩᠭ᠎ᠠ ᠬᠠᠶᠢᠴᠢᠯᠠᠮᠠᠯ ᠨᠠᠭᠠᠵᠠᠢ ᠃ ᠰᠢ ᠶᠢᠨ ᠫᠢᠩ ᠤᠷᠢᠳ ᠬᠤᠵᠢᠳ ᠲᠣᠰᠬᠤᠨ ᠤ ᠠᠷᠠᠳ ᠵᠦ ᠰᠢ ᠼᠦᠨ ᠂ ᠸᠠᠩ ᠪᠦᠦ ᠸᠧᠢ ᠶᠢᠨ ᠭᠡᠷ ᠲᠤ ᠬᠦᠷᠴᠦ ᠂ ᠭᠡᠷ ᠪᠠᠶᠢᠰᠢᠩ ᠤᠨ ᠪᠦᠲᠦᠴᠡ ᠶᠠᠰᠤ ᠴᠢᠨᠠᠷ ᠪᠣᠯᠣᠨ ᠴᠠᠭᠠᠨ ᠰᠠᠷ᠎ᠠ ᠶᠢᠨ ᠪᠠᠷᠠᠭ᠎ᠠ ᠪᠠᠨ ᠪᠡᠯᠡᠳᠬᠡᠭᠰᠡᠨ ᠪᠠᠶᠢᠳᠠᠯ ᠢ ᠪᠠᠶᠢᠴᠠᠭᠠᠨ ᠦᠵᠡᠵᠦ ᠂ ᠵᠠᠰᠠᠭ ᠤᠨ ᠣᠷᠳᠣᠨ ᠤ ᠳᠠᠭᠢᠨ ᠪᠠᠶᠢᠭᠤᠯᠤᠭᠰᠠᠨ ᠭᠡᠷ ᠪᠠᠶᠢᠰᠢᠩ ᠤᠨ ᠨᠥᠬᠦᠪᠦᠷᠢ ᠶᠢ ᠣᠯᠣᠭᠰᠠᠨ ᠡᠰᠡᠬᠦ ᠂ ᠲᠣᠰᠬᠤᠨ ᠤ ᠠᠷᠠᠳ ᠤᠨ ᠣᠷᠣᠯᠭ᠎ᠠ ᠭᠤᠣᠯᠳᠠᠭᠤ ᠬᠠᠮᠢᠭ᠎ᠠ ᠠᠴᠠ ᠢᠷᠡᠯ ᠲᠠᠢ ᠶᠢ ᠣᠶᠢᠯᠠᠭᠠᠪᠠ ᠃ ᠸᠠᠩ ᠪᠦᠦ ᠸᠧᠢ ᠶᠢᠨ ᠬᠢᠨ ᠲᠠᠢ ᠬᠠᠮᠲᠤ ᠰᠠᠭᠤᠵᠤ ᠪᠠᠶᠢᠬᠤ ᠳᠤ ᠂ ᠸᠠᠩ ᠪᠦᠦ ᠸᠧᠢ ᠶᠡᠷᠦᠩᠬᠡᠢ ᠱᠦᠵᠢ ᠳᠤ ᠂ ᠰᠢᠨ᠎ᠡ ᠭᠡᠷ ᠰᠠᠷᠠᠭᠤᠯ ᠠᠭᠤᠵᠢᠮ ᠳᠤᠯᠠᠭᠠᠬᠠᠨ ᠪᠠᠶᠢᠨ᠎ᠠ ᠂ ᠴᠠᠭᠠᠨ ᠰᠠᠷ᠎ᠠ ᠶᠢᠨ ᠪᠠᠷᠠᠭ᠎ᠠ ᠪᠠᠨ ᠪᠦᠭᠦᠨ ᠢ ᠪᠡᠯᠡᠳᠬᠡᠵᠡᠢ ᠂ ᠪᠦᠭᠦ ᠲᠣᠰᠬᠤᠨ ᠤ ᠬᠥᠮᠥᠰ ᠴᠢᠩ ᠰᠡᠳᠬᠢᠯ ᠠᠴᠠ ᠪᠠᠨ ᠨᠠᠮ ᠳᠤ ᠲᠠᠯᠠᠷᠬᠠᠵᠤ ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ ᠃ ᠰᠢ ᠶᠢᠨ ᠫᠢᠩ ᠲᠡᠭᠦᠨ ᠠᠴᠠ ᠪᠠᠰᠠ ᠶᠠᠮᠠᠷ ᠱᠠᠭᠠᠷᠳᠠᠯᠭ᠎ᠠ ᠪᠠ ᠬᠦᠰᠡᠯ ᠡᠷᠡᠮᠡᠯᠵᠡᠯ ᠪᠠᠶᠢᠬᠤ ᠪᠤᠢ ᠭᠡᠵᠦ ᠠᠰᠠᠭᠤᠬᠤ ᠳᠤ ᠂ ᠲᠡᠷᠡ ᠂ ᠠᠮᠢᠳᠤᠷᠠᠯ ᠨᠡᠩ ᠰᠠᠶᠢᠨ ᠰᠠᠶᠢᠬᠠᠨ ᠪᠤᠯᠬᠤ ᠶᠢ ᠬᠦᠰᠡᠵᠦ ᠪᠠᠶᠢᠨ᠎ᠠ ᠭᠡᠪᠡ ᠃ ᠰᠢ ᠶᠢᠨ ᠫᠢᠩ ᠂ ᠲᠠ ᠨᠠᠷ ᠤᠨ ᠬᠦᠰᠡᠯ ᠡᠷᠡᠮᠡᠯᠵᠡᠯ ᠪᠣᠯ ᠪᠢᠳᠡᠨ ᠤ ᠬᠦᠰᠡᠯ ᠡᠷᠡᠮᠡᠯᠵᠡᠯ ᠮᠥᠨ ᠂ ᠨᠠᠮ ᠪᠠ ᠵᠠᠰᠠᠭ ᠤᠨ ᠣᠷᠳᠣᠨ ᠪᠣᠯ ᠬᠡᠵᠢᠶᠡᠳᠡ ᠠᠷᠠᠳ ᠣᠯᠠᠨ ᠤ ᠬᠦᠴᠦᠷᠬᠡᠭ ᠶᠡᠭᠡ ᠲᠦᠰᠢᠭ ᠮᠥᠨ ᠭᠡᠵᠦ ᠲᠡᠭᠦᠨ ᠳᠤ ᠪᠠᠶᠠᠷᠲᠠᠶᠢᠬᠠᠨ ᠬᠡᠯᠡᠪᠡ ᠃
     ᠲᠣᠰᠬᠤᠨ ᠠᠴᠠ ᠠᠶᠠᠷᠯᠠᠬᠤ ᠦᠶ᠎ᠡ ᠳᠤ ᠂ ᠲᠣᠰᠬᠤᠨ ᠤ ᠠᠷᠠᠳ ᠤᠳ ᠶᠡᠷᠦᠩᠬᠡᠢ ᠱᠦᠵᠢ ᠲᠠᠢ ᠮᠡᠨᠳᠦᠴᠢᠯᠡᠵᠡᠭᠡᠵᠦ ᠂ ᠠᠯᠠᠭ᠎ᠠ ᠲᠡᠰᠢᠯᠲᠡ ᠶᠢᠨ ᠲᠠᠭᠤᠨ ᠂ ᠪᠠᠶᠠᠷᠯᠠᠨ ᠬᠥᠭᠡᠷᠦᠯᠳᠦᠬᠦ ᠲᠠᠭᠤᠨ ᠵᠢᠵᠢᠭ ᠠᠭᠤᠯᠠᠨ ᠲᠣᠰᠬᠤᠨ ᠳᠤ ᠴᠤᠤᠷᠢᠶᠠᠲᠤᠪᠠ ᠃ ᠰᠢ ᠶᠢᠨ ᠫᠢᠩ ᠨᠤᠲᠤᠭ ᠤᠨ ᠠᠬ᠎ᠠ ᠳᠡᠭᠦᠦ ᠨᠠᠷ ᠲᠤ ᠂ ᠨᠢᠳᠤᠨᠤᠨ ᠠᠴᠠ ᠨᠠᠭᠠᠰᠢ ᠲᠠᠨ ᠤ ᠠᠳᠡᠬᠢ ᠶᠢ ᠪᠠᠭᠲᠠᠭᠠᠭᠰᠠᠨ ᠮᠠᠨ ᠤ ᠤᠯᠤᠰ ᠤᠨ ᠵᠠᠷᠢᠮ ᠭᠠᠵᠠᠷ ᠣᠷᠣᠨ ᠪᠠᠶᠢᠭᠠᠯᠢ ᠶᠢᠨ ᠭᠠᠮᠰᠢᠭ ᠲᠤ ᠤᠴᠠᠷᠠᠪᠠ ᠃ ᠮᠠᠨ ᠤ ᠨᠠᠮ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠂ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠴᠢᠬᠤᠯᠠ ᠶᠡᠭᠡ ᠢᠯᠠᠯᠲᠠ ᠣᠯᠪᠠ ᠃ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠭᠠᠮᠰᠢᠭᠳᠠᠭᠰᠠᠨ ᠣᠯᠠᠨ ᠲᠦᠮᠡᠨ ᠪᠣᠯᠣᠨ ᠭᠠᠮᠰᠢᠭ ᠤᠨ ᠳᠠᠷᠠᠭ᠎ᠠ ᠰᠡᠷᠭᠦᠭᠡᠨ ᠪᠦᠲᠦᠭᠡᠨ ᠪᠠᠶᠢᠭᠤᠯᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠭᠰᠡᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠲᠣᠬᠤᠨᠢᠭᠤᠯᠤᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠨ᠎ᠠ ᠭᠡᠵᠡᠢ ᠃
      ᠮᠦᠭᠳᠡᠨ ᠤ ᠳ᠋ᠡ ᠳ᠋ᠦᠩ ᠬᠤᠯᠢᠰᠢᠨ ᠢᠳᠡᠭᠡᠨ ᠤ ᠳᠡᠯᠭᠡᠭᠦᠷ ᠥᠨᠢ ᠤᠳᠠᠭᠠᠨ ᠲᠡᠦᠬᠡ ᠲᠠᠢ ᠂ ᠥᠪᠡᠷᠮᠢᠴᠡ ᠣᠨᠴᠠᠯᠢᠭ ᠲᠠᠢ ᠰᠢᠨ᠎ᠡ ᠶᠢᠨ ᠪᠠᠷᠠᠭ᠎ᠠ ᠶᠢ ᠬᠠᠷᠠᠭ᠎ᠠ ᠳᠦᠭᠦᠷᠡᠩ ᠥᠷᠥᠵᠡᠢ ᠃ 23᠎ ᠤ ᠦᠳᠡ ᠶᠢᠨ ᠡᠮᠦᠨ᠎ᠡ ᠂ ᠰᠢ ᠶᠢᠨ ᠫᠢᠩ ᠠᠳᠡ ᠢᠷᠡᠵᠦ ᠂ ᠤᠯᠠᠨ ᠳᠡᠯᠭᠡᠭᠦᠷ ᠢ ᠪᠠᠶᠢᠴᠠᠭᠠᠨ ᠦᠵᠡᠵᠦ ᠂ ᠳᠡᠯᠭᠡᠭᠦᠷ ᠤᠨ ᠡᠵᠡᠨ ᠪᠣᠯᠣᠨ ᠵᠣᠴᠢᠳ ᠲᠠᠢ ᠪᠠᠶᠢᠨ ᠲᠠᠭᠢᠨ ᠶᠠᠷᠢᠯᠴᠠᠵᠤ ᠂ ᠪᠠᠶᠠᠷ ᠤᠨ ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠤᠯᠠᠨ ᠢᠶᠠᠷ ᠢᠶᠠᠨ ᠶᠡᠷᠦᠩᠬᠡᠢ ᠱᠦᠵᠢ ᠲᠠᠢ ᠠᠭᠤᠯᠵᠠᠭᠠᠳ ᠮᠠᠰᠢ ᠳᠣᠭᠳᠣᠯᠵᠤ ᠂ ︽ᠶᠡᠷᠦᠩᠬᠡᠢ ᠱᠦᠵᠢ ᠰᠠᠶᠢᠨ ᠪᠠᠶᠢᠨ᠎ᠠ ᠦᠦ ︾ ᠭᠡᠵᠦ ᠪᠠᠶᠠᠷᠯᠠᠯᠳᠤᠨ ᠬᠠᠰᠬᠢᠷᠪᠠ ︕ ᠰᠢ ᠶᠢᠨ ᠫᠢᠩ ︽ᠢᠳᠡᠰᠢᠨ ᠨᠣᠭᠤᠭ᠎ᠠ ︾᠂ ︽ᠠᠮᠤ ᠪᠤᠳᠠᠭ᠎ᠠ ︾᠂ ︽ᠭᠤᠸᠠ ᠵᠢᠮᠢᠰ ︾ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ ᠂ ᠤᠳᠤ ᠡᠳ᠋ ᠪᠣᠳᠠᠰ ᠡᠯᠪᠡᠭ ᠳᠡᠯᠪᠡᠭ ᠪᠣᠯᠵᠤ ᠪᠠᠶᠢᠨ᠎ᠠ ᠂ ᠴᠠᠭᠠᠨ ᠰᠠᠷ᠎ᠠ ᠶᠢᠨ ᠵᠣᠯᠭᠠᠯᠲᠠ ᠳᠤ ᠤᠯᠠᠨ ᠲᠦᠮᠡᠨ ᠤ ᠨᠡᠩ ᠰᠠᠶᠢᠨ ᠢᠳᠡᠵᠦ ᠡᠷᠡᠭᠦᠯ ᠬᠤᠭᠤᠯᠠᠯᠠᠬᠤ ᠶᠢ ᠪᠠᠲᠤᠯᠠᠬᠤ ᠬᠡᠷᠡᠭᠲᠡᠢ ᠭᠡᠵᠦ ᠤᠯᠠᠨ ᠳᠤ ᠬᠡᠯᠡᠪᠡ ᠃
      ᠳᠠᠷᠠᠭ᠎ᠠ ᠨᠢ ᠂ ᠰᠢ ᠶᠢᠨ ᠫᠢᠩ ᠲᠥᠪᠯᠡᠷᠡᠭᠦᠯᠦᠨ ᠥᠭᠡᠷᠡᠴᠢᠯᠡᠨ ᠪᠠᠶᠢᠭᠤᠯᠤᠭᠰᠠᠨ ᠳ᠋ᠠ ᠳ᠋ᠦᠩ ᠲᠣᠭᠤᠷᠢᠭ ᠤᠨ ᠴᠠᠩ ᠠᠨ ᠵᠡᠭᠡᠯᠢ ᠭᠤᠳᠤᠮᠵᠢ ᠶᠢᠨ ᠴᠠᠩ ᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠂ ᠳᠥᠷᠪᠡᠨ ᠦᠶ᠎ᠡ ᠪᠠᠷ ᠢᠶᠠᠨ ᠬᠠᠮᠲᠤ ᠠᠮᠢᠳᠤᠷᠠᠵᠤ ᠪᠠᠶᠢᠭ᠎ᠠ ᠯᠠᠩ ᠰᠦ᠋ ᠯᠠᠨ ᠤ ᠬᠢᠨ ᠳᠤ ᠬᠦᠷᠴᠦ ᠪᠣᠯᠭᠤᠭᠠᠨ ᠦᠵᠡᠪᠡ ᠃ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ ᠂ ᠡᠯ᠎ᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠢ ᠣᠶᠢᠯᠠᠭᠠᠵᠤ ᠮᠡᠳᠡᠭᠡᠳ ᠰᠢ ᠶᠢᠨ ᠫᠢᠩ ᠨᠤᠲᠠᠯᠠᠵᠤ ᠪᠠᠶᠢᠬᠤ ᠪᠠᠨ ᠢᠯᠡᠳᠬᠡᠪᠡ ᠃ ᠲᠡᠷᠡ ᠂ ᠬᠤᠳᠠ ᠶᠢᠨ ᠰᠢᠨᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ ᠂ ᠠᠯᠢᠪᠠ ᠪᠦᠭᠦᠨ ᠳᠤ ᠠᠷᠠᠳ ᠲᠤ ᠲᠦᠭᠦᠮ ᠦᠵᠡᠭᠦᠯᠭᠦ ᠂ ᠠᠷᠠᠳ ᠲᠤ ᠠᠰᠢᠭ ᠬᠦᠷᠲᠡᠭᠡᠬᠦ ᠂ ᠠᠷᠠᠳ ᠢ ᠠᠮᠤᠷᠵᠢᠭᠤᠯᠬᠤ ᠶᠢ ᠠᠩᠬᠠᠷᠴᠤ ᠂ ᠣᠨᠴᠠᠭᠠᠶᠢᠯᠠᠨ ︽ᠥᠲᠡᠭᠦᠰ ᠨᠢᠯᠬᠠᠰ ︾᠎ ᠢ ᠨᠡᠩ ᠰᠠᠶᠢᠲᠤᠷ ᠬᠠᠶᠢᠷᠠᠯᠠᠨ ᠬᠠᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
      ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠂ ᠵᠠᠷᠢᠮ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠣᠰ ᠤᠶᠠᠩᠭ᠎ᠠ ᠪᠢᠴᠢᠵᠦ ᠂ ᠬᠡᠦᠬᠡᠳ ᠤᠳ ᠳᠤᠮᠳᠠᠳᠤ ᠤᠯᠤᠰ ᠤᠨ ᠵᠠᠩᠭᠢᠶ᠎ᠠ ᠵᠠᠩᠭᠢᠳᠴᠤ ᠪᠠᠶᠢᠯ᠎ᠠ ᠃ ᠰᠢ ᠶᠢᠨ ᠫᠢᠩ ᠲᠡᠳᠡᠨ ᠤ ᠳᠤᠮᠳᠠ ᠬᠦᠷᠴᠦ ᠂ ᠲᠡᠳᠡᠨ ᠤ ᠪᠦᠲᠦᠭᠡᠯ ᠢ ᠪᠠᠶᠢᠨ ᠲᠡᠭᠢᠨ ᠮᠠᠭᠲᠠᠨ ᠰᠠᠶᠢᠰᠢᠶᠠᠵᠤ ᠂ ᠲᠡᠳᠡᠨ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠲᠤᠷ ᠤᠯᠠᠮᠵᠢᠯᠠᠨ ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ ᠃ ᠰᠢ ᠶᠢᠨ ᠫᠢᠩ ᠪᠠᠰᠠ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠳ ᠤᠨ ᠲᠣᠭᠯᠠᠭᠰᠠᠨ ᠯᠢᠩᠪᠤ ᠶᠢᠨ ᠨᠠᠶᠢᠷᠠᠯ ᠬᠥᠭᠵᠢᠮ ᠢ ᠰᠣᠨᠢᠷᠬᠠᠪᠠ ᠃ ᠲᠡᠷᠡ ᠂ ᠴᠠᠭᠠᠨ ᠰᠠᠷ᠎ᠠ ᠪᠠᠨ ᠰᠠᠶᠢᠬᠠᠨ ᠥᠩᠭᠡᠷᠡᠭᠦᠯᠬᠦ ᠨᠢ ᠰᠢᠨ᠎ᠡ ᠵᠢᠯ ᠳᠤ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ ᠬᠠᠷᠠᠭᠤᠯᠵᠤ ᠪᠠᠶᠢᠨ᠎ᠠ ᠂ ᠠᠶᠢᠯ ᠪᠣᠯᠭᠠᠨ ᠵᠣᠯ ᠵᠢᠷᠭᠠᠯ ᠲᠠᠢ ᠠᠮᠢᠳᠤᠷᠠᠵᠤ ᠂ ᠨᠠᠰᠤᠲᠠᠨ ᠵᠠᠯᠠᠭᠤ ᠪᠦᠭᠦᠳᠡᠭᠡᠷ ᠢᠶᠠᠨ ᠪᠠᠶᠠᠷ ᠪᠠᠶᠠᠰᠬᠤᠯᠠᠩ ᠲᠠᠢ ᠪᠠᠶᠢᠬᠤ ᠨᠢ ᠬᠥᠮᠥᠨ ᠤ ᠶᠢᠷᠲᠢᠨᠴᠦ ᠶᠢᠨ ᠭᠤᠶᠢᠳᠠ ᠦᠵᠡᠮᠵᠢ ᠪᠣᠯᠣᠨ᠎ᠠ ᠃ ᠪᠢᠳᠠ ᠬᠠᠮᠲᠤ ᠪᠠᠷ ᠴᠢᠷᠮᠠᠶᠢᠵᠤ ᠂ ᠡᠨᠡ ᠬᠦ ᠦᠵᠡᠮᠵᠢ ᠶᠢ ᠤᠯᠠᠮ ᠠᠴᠠ ᠤᠯᠠᠮ ᠦᠵᠡᠰᠬᠦᠯᠡᠩᠲᠡᠢ ᠪᠤᠯᠭᠠᠬᠤ ᠬᠡᠷᠡᠭᠲᠡᠢ ᠭᠡᠵᠦ ᠳᠠᠶᠠᠭᠠᠷ ᠲᠤ ᠭᠦᠨ ᠰᠡᠳᠬᠢᠯᠭᠡ ᠲᠠᠢ ᠬᠡᠯᠡᠪᠡ ᠃      ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ ᠂ ᠰᠠᠭᠤᠭᠠᠯᠢ ᠠᠷᠠᠳ ᠪᠠᠶᠠᠷ ᠭᠦᠷ ᠲᠠᠢ ᠪᠠᠷ ᠶᠠᠩᠭᠠᠷ ᠪᠥᠵᠢᠭᠯᠡᠨ᠎ᠡ ᠃ ᠰᠢ ᠎ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ ᠂ ᠤᠯᠠᠨ ᠲᠠᠢ ᠰᠢᠨ᠎ᠡ ᠶᠢᠨ ᠵᠣᠯᠭᠠᠯᠲᠠ ᠬᠢᠪᠡ ᠃
15.jpg
  
6387348470336304694973672.jpg
      23᠎ ᠤ ᠦᠳᠡ ᠶᠢᠨ ᠬᠤᠶᠢᠨ᠎ᠠ ᠂ ᠰᠢ ᠶᠢᠨ ᠫᠢᠩ ᠪᠧᠨ᠋ᠰᠢ ᠳᠤ ᠬᠦᠷᠴᠦ ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠳᠤ ᠬᠠᠷᠢᠶᠠᠯᠠᠭᠳᠠᠬᠤ ᠪᠧᠨ᠋ᠰᠢ ᠶᠢᠨ ᠪᠣᠯᠣᠳ ᠬᠠᠪᠲᠠᠰᠤᠨ ᠤ ᠬᠦᠢᠲᠡᠨ ᠭᠡᠪᠰᠢᠭᠦᠯᠭᠡ ᠶᠢᠨ ᠶᠡᠷᠦᠩᠬᠡᠢ ᠦᠢᠯᠡᠳᠪᠦᠷᠢ ᠶᠢᠨ ᠭᠤᠷᠪᠠᠳᠤᠭᠠᠷ ᠬᠦᠢᠲᠡᠨ ᠭᠡᠪᠰᠢᠭᠦᠯᠭᠡ ᠶᠢᠨ ᠦᠢᠯᠡᠳᠪᠦᠷᠢ ᠶᠢ ᠰᠢᠨᠵᠢᠯᠡᠨ ᠪᠠᠶᠢᠴᠠᠭᠠᠪᠠ ᠃ ᠲᠡᠷᠡ ᠠᠵᠤ ᠠᠬᠤᠶᠢᠯᠠᠯ ᠤᠨ ᠲᠥᠪᠯᠡᠷᠡᠭᠦᠯᠦᠨ ᠡᠵᠡᠮᠳᠡᠬᠦ ᠲᠥᠪ ᠲᠤ ᠲᠥᠪᠯᠡᠷᠡᠭᠦᠯᠦᠨ ᠡᠵᠡᠮᠳᠡᠬᠦ ᠣᠶᠤᠨᠴᠢ ᠰᠢᠰᠲ᠋ᠧᠮ ᠤᠨ ᠠᠵᠢᠯᠯᠠᠭᠠᠨ ᠢ ᠪᠠᠶᠢᠴᠠᠭᠠᠨ ᠦᠵᠡᠵᠦ ᠂ ᠦᠢᠯᠡᠳᠪᠦᠷᠢ ᠶᠢᠨ ᠲᠠᠰᠤᠭ ᠲᠤ ᠬᠦᠢᠲᠡᠨ ᠢᠶᠠᠷ ᠬᠡᠪᠰᠢᠭᠦᠯᠬᠦ ᠠᠵᠢᠯ ᠤᠨ ᠳᠠᠷᠠᠭᠠᠯᠠᠯ ᠂ ᠮᠡᠷᠭᠡᠵᠢᠯ ᠤᠨ ᠰᠢᠨ᠎ᠡ ᠡᠭᠦᠳᠦᠯᠲᠡ ᠂ ᠦᠢᠯᠡᠳᠬᠦᠨ ᠤ ᠴᠢᠳᠠᠪᠬᠢ ᠶᠢ ᠣᠶᠢᠯᠠᠭᠠᠬᠤ ᠶᠢᠨ ᠵᠡᠷᠭᠡ ᠪᠠᠷ ᠭᠦᠳᠡᠯᠮᠦᠷᠢ ᠶᠢᠨ ᠵᠢᠱᠢᠶᠡᠴᠢ ᠂ ᠵᠠᠯᠠᠭᠤ ᠮᠡᠷᠭᠡᠵᠢᠯ ᠤᠨ ᠭᠤᠣᠯᠯᠠᠭᠴᠢ ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠶᠢ ᠳᠣᠲᠣᠨᠣ ᠪᠠᠷ ᠪᠣᠯᠭᠤᠭᠠᠨ ᠦᠵᠡᠪᠡ ᠃ ᠰᠢ ᠶᠢᠨ ᠫᠢᠩ ᠂ ᠦᠢᠯᠡᠳᠬᠦ ᠦᠢᠯᠡᠰ ᠤᠨ ᠬᠢᠨ ᠳᠡᠭᠡᠳᠦ ᠲᠦᠪᠰᠢᠨᠴᠢᠯᠡᠭᠰᠡᠨ ᠂ ᠣᠶᠤᠨᠴᠢᠯᠠᠭᠰᠠᠨ ᠂ ᠪᠣᠬᠢᠷᠳᠤᠯ ᠦᠭᠡᠢ ᠪᠤᠯᠭᠠᠬᠤ ᠴᠢᠭᠯᠡᠯ ᠢ ᠪᠠᠷᠢᠮᠲᠠᠯᠠᠵᠤ ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠺᠤᠮᠫᠠᠨᠢ ᠰᠢᠭ᠋ ᠤᠯᠤᠰ ᠤᠨ ᠥᠮᠴᠢᠯᠡᠯ ᠤᠨ ᠲᠣᠮᠣ ᠠᠵᠤ ᠠᠬᠤᠶᠢᠯᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃
      24᠎ ᠤ ᠦᠳᠡ ᠶᠢᠨ ᠡᠮᠦᠨ᠎ᠡ ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠯᠢᠶᠣᠤᠨᠢᠩ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠲᠠᠯ᠎ᠠ ᠪᠠᠷ ᠵᠣᠷᠢᠭᠲᠠᠢ ᠪᠠᠷ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠢᠶᠣᠤᠨᠢᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠯᠢᠶᠣᠤᠨᠢᠩ ᠤᠨ ᠬᠢᠨ ᠳᠤ ᠬᠦᠰᠡᠪᠡ ᠃      ᠰᠢ ᠶᠢᠨ ᠫᠢᠩ ᠂ ᠯᠢᠶᠣᠤᠨᠢᠩ ᠤᠨ ᠠᠵᠤ ᠦᠢᠯᠡᠳᠪᠦᠷᠢ ᠶᠢᠨ ᠰᠢᠰᠲ᠋ᠧᠮ ᠨᠡᠯᠢᠶᠡᠳ ᠪᠦᠷᠢᠨ ᠲᠡᠭᠦᠯᠳᠡᠷ ᠪᠠᠶᠢᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠤᠯᠠᠮᠵᠢᠯᠠᠯᠲᠤ ᠠᠵᠤ ᠦᠢᠯᠡᠰ ᠤᠨ ᠲᠠᠯ᠎ᠠ ᠪᠠᠷ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ ᠃ ᠬᠥᠭᠵᠢᠯᠲᠡ ᠶᠢᠨ ᠡᠭᠦᠷᠭᠡ ᠬᠡᠳᠦᠢ ᠬᠦᠨᠳᠦ ᠪᠤᠯᠬᠤ ᠲᠤᠳᠤᠮ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠳᠦᠢ ᠴᠢᠬᠤᠯᠠᠴᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠴᠦᠰ ᠤᠨ ᠡᠴᠦᠰ ᠲᠡᠭᠡᠨ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ᠎ᠡ ᠃ ᠥᠭᠡᠷᠡᠴᠢᠯᠡᠯᠲᠡ ᠶᠢ ᠠᠳᠬᠤᠬᠤ ᠳᠤ ᠤᠯᠠᠮ ᠨᠢᠭᠡ ᠠᠯᠬᠤᠮ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠭᠤᠣᠯᠳᠠᠯᠭ᠎ᠠ ᠶᠢ ᠲᠣᠪᠤᠶᠢᠯᠭᠠᠨ ᠂ ᠬᠦᠴᠢᠷᠳᠡᠯ ᠢ ᠰᠢᠢᠳᠪᠦᠷᠢᠯᠡᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ︽ᠬᠤᠶᠠᠷ ᠤᠬᠳᠤ ᠭᠤᠶᠢᠪᠢᠰᠢ ᠦᠭᠡᠢ ︾᠎ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠢᠯᠡᠭᠦᠬᠡᠨ ᠬᠦᠴᠦ ᠣᠷᠣᠭᠤᠯᠬᠤ ᠬᠡᠷᠡᠭᠲᠡᠢ ᠃ ᠤᠳᠤ ᠮᠠᠨ ᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠲᠤᠳᠤᠮ ᠶᠡᠭᠡ ᠨᠡᠭᠡᠭᠡᠵᠦ ᠪᠠᠶᠢᠨ᠎ᠠ ᠂ ᠡᠯ᠎ᠡ ᠱᠠᠲᠤᠨ ᠤ ᠺᠠᠳ᠋ᠷᠴᠤᠳ ᠨᠡᠭᠡᠭᠡᠯᠲᠡ ᠬᠢᠬᠦ ᠨᠥᠬᠦᠴᠡᠯ ᠳᠣᠣᠷ᠎ᠠ ᠠᠰᠠᠭᠤᠳᠠᠯ ᠢ ᠪᠣᠳᠣᠯᠬᠢᠯᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠵᠢᠯ ᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠯᠢᠶᠣᠤᠨᠢᠩ ᠤᠨ ᠬᠥᠳᠡᠭᠡ ᠠᠵᠤ ᠠᠬᠤᠢ ᠶᠢᠨ ᠡᠬᠢ ᠪᠠᠶᠠᠯᠢᠭ ᠡᠯᠪᠡᠭ ᠂ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ ᠪᠠᠶᠢᠵᠤ ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠰᠢᠶᠠᠨ ᠰᠢᠶᠠᠩ ᠲᠣᠰᠬᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ︽ᠮᠢᠩᠭ᠎ᠠ ᠲᠦᠮᠡ ᠶᠢᠨ ᠢᠨᠵᠧᠨᠧᠷᠢᠩ ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠪᠣᠳᠠᠲᠠᠢ ᠲᠠᠢ ᠤᠶᠠᠯᠳᠤᠭᠤᠯᠤᠨ ᠭᠠᠷᠳᠠᠴᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ ᠃ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠲᠤᠭᠤᠰᠢᠲᠠᠢ ᠨᠠᠶᠢᠳᠠᠪᠤᠷᠢᠵᠢᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢ ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ ᠡᠯ᠎ᠡ ᠱᠠᠲᠤᠨ ᠤ ᠬᠢᠨ ᠴᠥᠮ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ ᠃ ᠰᠣᠶᠣᠯ ᠤᠨ ᠤᠤᠭᠠᠯ ᠡᠭᠦᠳᠦᠯᠲᠡ ᠶᠢᠨ ᠬᠦᠴᠦᠨ ᠢ ᠴᠢᠷᠮᠠᠶᠢᠨ ᠳᠡᠭᠡᠭᠰᠢᠯᠡᠭᠦᠯᠵᠦ ᠂ ᠨᠡᠩ ᠤᠯᠠᠨ ᠰᠣᠳᠣᠨ ᠪᠦᠲᠦᠭᠡᠯ ᠭᠠᠷᠭᠠᠵᠤ ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠰᠣᠶᠣᠯ ᠢᠶᠠᠷ ᠬᠥᠮᠥᠰ ᠤᠨ ᠰᠡᠳᠬᠢᠯ ᠢ ᠨᠡᠩ ᠰᠠᠶᠢᠨ ᠨᠢᠭᠲᠠᠷᠠᠭᠤᠯᠵᠤ ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠂ ᠢᠲᠡᠭᠡᠯ ᠵᠣᠷᠢᠭ ᠢ ᠪᠠᠲᠤᠳᠬᠠᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠂ ᠬᠥᠭᠵᠢᠭᠦᠯᠦᠨ ᠮᠠᠨᠳᠤᠭᠤᠯᠬᠤ ᠣᠷᠭᠢᠯᠤᠮ᠎ᠠ ᠰᠡᠳᠬᠢᠯᠭᠡ ᠪᠣᠯᠣᠨ ᠲᠡᠮᠡᠴᠡᠯ ᠤᠨ ᠵᠣᠷᠢᠭ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠤᠶ ᠪᠣᠯᠭᠠᠨ ᠪᠠᠲᠤᠯᠠᠵᠤ ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠂ ᠡᠲᠡᠭᠡᠷ ᠢ ᠶᠠᠮᠠᠷᠪᠠ ᠦᠶ᠎ᠡ ᠳᠤ ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠢ ᠲᠤᠭᠤᠰᠢᠯᠠᠭᠤᠯᠵᠤ ᠂ ᠡᠯ᠎ᠡ ᠱᠠᠲᠤᠨ ᠤ ᠺᠠᠳ᠋ᠷᠴᠤᠳ ᠤᠨ ᠦᠨᠡᠨ ᠬᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠂ ᠠᠷᠢᠭᠤᠨ ᠴᠢᠬᠡᠴᠢ ᠪᠠᠶᠢᠵᠤ ᠪᠡᠶ᠎ᠡ ᠪᠠᠨ ᠪᠠᠷᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠬᠠᠮᠤᠭ ᠤᠨ ᠡᠴᠦᠰ ᠲᠤ ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ ᠂ ᠴᠠᠭᠠᠨ ᠰᠠᠷ᠎ᠠ ᠶᠢᠨ ᠵᠥᠭᠡᠭᠡᠪᠦᠷᠢ ᠶᠢ ᠲᠣᠬᠢᠷᠠᠭᠤᠯᠬᠤ ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠵᠤ ᠂ ᠠᠷᠠᠳ ᠤᠯᠠᠨ ᠤ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠠᠮᠤᠷ ᠠᠮᠤᠭᠤᠯᠠᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃      ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ