ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠄ ᠱᠤᠤ ᠢ ᠪᠦᠸᠧ | ᠳ᠋ᠦᠩ ᠰᠢᠤᠸᠠᠢ ︶ 2 ᠰᠠᠷ᠎ᠠ ᠶᠢᠨ 6 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠦ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ᠃ | | | | 2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠥ᠋ᠨ᠋ᠸᠢ ᠶᠢᠨ ᠰᠦᠳᠠᠨ ᠬᠠᠰᠠᠩᠨᠠᠷ ᠲᠠᠢ ᠬᠡᠯᠡᠯᠴᠡᠭᠡ ᠬᠢᠪᠡ᠃ ᠵᠢᠷᠤᠭ ᠪᠣᠯ | ᠰᠢ ᠶᠢᠨ ᠫᠢᠩ ᠬᠠᠰᠠᠩᠨᠠᠷ ᠲᠠᠢ ᠭᠠᠷ ᠠᠳᠬᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ᠂ ᠳᠤᠮᠳᠠᠳᠤ ᠪᠷᠦ᠋ᠨ᠋ᠸᠢ ᠶᠢᠨ ᠤᠯᠠᠮᠵᠢᠯᠠᠯᠲᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ 30 ᠭᠠᠷᠤᠢ | ᠵᠢᠯ ᠤᠨ ᠲᠤᠷᠰᠢ ᠂ ᠬᠤᠶᠠᠷ ᠲᠠᠯ᠎ᠠ ᠪᠠᠷ ᠢᠶᠠᠨ ᠤᠯᠤᠰ ᠲᠥᠷᠥ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠᠨ ᠢᠳᠡᠪᠬᠢᠲᠡᠢ ᠵᠣᠯᠭᠠᠭᠤᠯᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ ᠂ ᠳᠡᠯᠡᠬᠡᠢ ᠶᠢᠨ | ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠰᠠᠶᠢᠨ ᠰᠠᠶᠢᠬᠠᠨ ᠬᠠᠮᠵᠢᠯᠴᠠᠭ᠎ᠠ ᠪᠠᠨ ᠪᠠᠲᠤᠯᠠᠵᠤ ᠂ ᠶᠡᠭᠡ ᠪᠠᠭ᠎ᠠ ᠤᠯᠤᠰ ᠲᠤ ᠡᠷᠬᠡ ᠲᠡᠭᠰᠢ ᠪᠠᠷ ᠬᠠᠨᠳᠤᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠪᠤᠶ ᠪᠤᠯᠭᠠᠬᠰᠠᠨ ᠪᠥᠭᠡᠳ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠ | ᠬᠥᠭᠵᠢᠯ ᠴᠡᠴᠡᠭᠯᠡᠯ ᠳᠤ ᠢᠳᠡᠪᠬᠢ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠪᠣᠯᠣᠨ ᠪᠷᠦ᠋ᠨ᠋ᠸᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠬᠤ ᠨᠢ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ | ᠦᠨᠳᠦᠰᠦᠨ ᠠᠰᠢᠭ ᠲᠤᠰᠠ ᠳᠤ ᠨᠡᠶᠢᠴᠡᠵᠦ ᠂ ᠬᠤᠶᠠᠷ ᠤᠯᠤᠰ ᠤᠨ ᠬᠠᠷᠢᠯᠴᠠᠭ᠎ᠠ ᠶᠢᠨ ᠴᠣ ᠰᠢᠨ᠎ᠡ ᠬᠠᠭᠤᠳᠠᠰᠤ ᠶᠢ ᠰᠡᠬᠦᠪᠡ᠃ ᠬᠤᠶᠠᠷ ᠲᠠᠯ᠎ᠠ ᠪᠠᠷ ᠢᠶᠠᠨ | ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ | ᠭᠦᠨᠵᠡᠭᠡᠶᠢᠷᠡᠭᠦᠯᠵᠦ ᠂ ᠬᠠᠷᠢᠯᠴᠠᠨ ᠭᠦᠨᠳᠦᠳᠭᠡᠵᠦ ᠂ ᠦᠨᠡᠨᠴᠢ ᠢᠲᠡᠭᠡᠮᠵᠢᠲᠡᠢ ᠬᠠᠷᠢᠯᠴᠠᠨ ᠢᠲᠡᠭᠡᠯᠴᠡᠵᠦ᠂ ᠡᠭᠦᠷᠢᠳᠡ ᠲᠠᠯᠠᠢ ᠠᠯᠤᠰᠯᠠᠭᠰᠠᠨ ᠰᠠᠶᠢᠨ ᠬᠥᠷᠰᠢ᠂ | ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ ᠪᠣᠯᠣᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠪᠷᠦ᠋ᠨ᠋ᠸᠢ ᠶᠢᠨ ᠲᠠᠯ᠎ᠠ ᠶᠢᠨ ᠬᠢᠨ ᠲᠠᠢ ᠤᠯᠤᠰ ᠤᠨ ᠬᠥᠭᠵᠢᠯᠲᠡ ᠶᠢᠨ ᠵᠠᠮ ᠳᠡᠭᠡᠷ᠎ᠡ ᠭᠠᠷ | ᠬᠤᠯᠪᠣᠨ ᠤᠷᠤᠭᠰᠢᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ︽ ᠨᠢᠭᠡ ᠪᠦᠰᠡ ᠨᠢᠭᠡ ᠵᠠᠮ ︾ | ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠦ᠋ᠨ᠋ᠸᠢ ᠶᠢᠨ ︽ 2035 ᠠᠤᠭ᠎ᠠ ᠬᠦᠰᠡᠯᠡᠩ ︾ ᠤᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ | ᠴᠢᠩᠭᠠᠳᠬᠠᠵᠤ᠂ ᠭᠤᠸᠠᠩᠰᠢ — ᠪᠷᠦ᠋ᠨ᠋ᠸᠢ ᠶᠢᠨ ᠠᠵᠤ ᠠᠬᠤᠢ ᠶᠢᠨ ᠬᠤᠩᠭᠢᠯ᠂ ᠾᠧᠩ ᠢ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠶᠠᠷ | ᠳᠠᠭᠠᠭᠤᠯᠤᠭᠴᠢ ᠲᠦᠷᠦᠯ ᠵᠦᠢᠯ ᠢ ᠠᠬᠢᠭᠤᠯᠵᠤ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠡᠭᠦᠨ ᠬᠡᠰᠡᠭ ᠤᠨ | ᠨᠡᠮᠡᠭᠳᠡᠯ ᠤᠨ ᠣᠷᠣᠨ ᠪᠣᠯᠣᠨ ︽ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ ︾ ᠤᠨ ᠬᠤᠣᠰ ᠬᠦᠢᠰᠦ ᠶᠢ ᠪᠠᠶᠢᠭᠤᠯᠤᠶ᠎ᠠ᠃ ᠳᠤᠮᠳᠠᠳᠤ ᠶᠢᠨ ᠲᠠᠯ᠎ᠠ ᠶᠢᠨ ᠬᠢᠨ | ᠳᠤᠷᠠᠲᠠᠶ᠎ᠠ ᠨᠡᠩ ᠤᠯᠠᠨ ᠠᠵᠤ ᠠᠬᠤᠶᠢᠯᠠᠯ ᠤᠨ ᠪᠷᠦ᠋ᠨ᠋ᠸᠢ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠪᠷᠦ᠋ᠨ᠋ᠸᠢ ᠶᠢᠨ | ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠶᠢ ᠳᠡᠮᠵᠢᠵᠦ᠂ ᠪᠷᠦ᠋ᠨ᠋ᠸᠢ ᠶᠢᠨ ᠠᠵᠤ | ᠠᠬᠤᠢ ᠶᠢᠨ ᠤᠯᠠᠨ ᠡᠰᠢᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠶᠢᠨ ᠲᠠᠯ᠎ᠠ ᠶᠢᠨ ᠬᠢᠨ ᠬᠤᠶᠠᠷ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ | ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠤ᠂ ᠪᠷᠦ᠋ᠨ᠋ᠸᠢ ᠶᠢᠨ ᠲᠠᠯ᠎ᠠ ᠶᠢᠨ ᠬᠢᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠭᠦᠯᠡᠩ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠦᠵᠡᠰᠭᠦᠯᠡᠩ ᠤᠨ ᠴᠤᠭᠯᠠᠭᠠᠨ | ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ᠴᠢᠨᠠᠷ ᠰᠠᠶᠢᠲᠠᠢ ᠲᠠᠷᠢᠶᠠᠯᠠᠩ ᠵᠢᠭᠠᠰᠤᠨ ᠤ ᠭᠠᠷᠤᠯᠲᠠ ᠪᠠᠨ ᠲᠤᠮᠳᠠᠳᠦ ᠤᠯᠤᠰ ᠲᠤ ᠭᠠᠷᠭᠠᠬᠤ ᠶᠢ ᠥᠷᠭᠡᠳᠬᠡᠨ᠎ᠡ᠃ | ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ | ᠣᠷᠣᠨ ᠨᠤᠲᠤᠭ᠂ ᠪᠡᠶ᠎ᠡ ᠶᠢᠨ ᠲᠠᠮᠢᠷ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠤᠶᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠶ᠎ᠡ | ᠭᠡᠵᠦ ᠴᠢᠬᠤᠯᠠᠴᠢᠯᠠᠪᠠ᠃ | ᠬᠠᠰᠠᠩᠨᠠᠷ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠮᠣᠭᠠᠢ ᠵᠢᠯ ᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ᠬᠠᠰᠠᠩᠨᠠᠷ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠠᠵᠤ ᠠᠬᠤᠢ ᠶᠢᠨ ᠦᠷᠭᠦᠯᠵᠢᠯᠡᠭᠰᠡᠨ ᠲᠦᠷᠭᠡᠨ ᠨᠡᠮᠡᠭᠳᠡᠯ ᠢ | ᠪᠠᠲᠤᠯᠠᠵᠤ᠂ ᠬᠡᠳᠦᠨ ᠳ᠋ᠦᠩᠰᠢᠭᠤᠷ ᠬᠥᠮᠥᠨ ᠢ ᠶᠠᠳᠠᠭᠤ ᠠᠴᠠ ᠠᠩᠭᠢᠵᠢᠷᠠᠭᠤᠯᠤᠭᠰᠠᠨ ᠨᠢ ᠶᠡᠷᠦ ᠪᠤᠰᠤ ᠶᠢᠨ ᠠᠮᠵᠢᠯᠲᠠ ᠪᠣᠯᠣᠨ᠎ᠠ᠃ ᠳᠤᠮᠳᠠᠳᠤ ᠤᠯᠤᠰ ᠭᠤᠷᠪᠠᠨ | ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠳᠤ ᠵᠠᠩᠭᠢᠯᠠᠭ᠎ᠠ ᠶᠢᠨ ᠦᠢᠯᠡᠳᠦᠯ | ᠦᠵᠡᠭᠦᠯᠵᠦ᠂ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢ ᠢᠯᠡᠷᠡᠭᠦᠯᠪᠡ᠃ ᠪᠷᠦ᠋ᠨ᠋ᠸᠢ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ ᠭᠦᠨᠳᠦᠳᠭᠡᠵᠦ᠂ | ᠬᠠᠷᠢᠯᠴᠠᠨ ᠢᠲᠡᠭᠡᠯᠴᠡᠵᠦ᠂ ᠬᠤᠶᠠᠷ ᠤᠯᠤᠰ ᠤᠨ ᠬᠠᠷᠢᠯᠴᠠᠭ᠎ᠠ ᠦᠷᠭᠦᠯᠵᠢᠯᠡᠨ ᠬᠥᠭᠵᠢᠵᠦ᠂ ᠭᠠᠷ ᠬᠤᠯᠪᠣᠨ ᠪᠷᠦ᠋ᠨ᠋ᠸᠢ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠲᠡᠶᠢᠰᠢ ᠤᠷᠤᠭᠰᠢᠯᠠᠪᠠ᠃ ᠳᠤᠮᠳᠠᠳᠤ ᠤᠯᠤᠰ ᠤᠨ ᠪᠷᠦ᠋ᠨ᠋ᠸᠢ ᠶᠢᠨ ᠠᠵᠤ ᠠᠬᠤᠢ ᠶᠢᠨ ᠤᠯᠠᠨ ᠡᠰᠢᠵᠢᠭᠰᠡᠨ ᠪᠠᠶᠢᠯᠳᠤᠬᠤ ᠪᠣᠳᠣᠯᠭ᠎ᠠ ᠶᠢ | ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠬᠤᠶᠠᠷ ᠤᠯᠤᠰ ᠤᠨ ᠬᠠᠮᠲᠤᠷᠠᠯᠴᠠᠭ᠎ᠠ ᠨᠢ ᠪᠷᠦ᠋ᠨ᠋ᠸᠢ ᠶᠢᠨ ᠠᠷᠠᠳ ᠲᠦᠮᠡᠨ ᠳᠤ ᠠᠰᠢᠭ ᠬᠦᠷᠲᠡᠭᠡᠪᠡ᠃ ᠪᠷᠦ᠋ᠨ᠋ᠸᠢ ᠶᠢᠨ ᠬᠢᠨ | ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠪᠠᠬᠢᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ᠃ ᠪᠷᠦ᠋ᠨ᠋ᠸᠢ | ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠲᠦᠷᠦ ᠶᠢᠨ ᠢᠲᠡᠭᠡᠯᠴᠡᠭᠡ ᠪᠠᠨ ᠴᠢᠩᠭᠠᠳᠬᠠᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠵᠢᠭᠠᠰᠤᠨ ᠤ ᠦᠢᠯᠡᠰ᠂ | ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠃ ᠣᠳᠣᠬᠠᠨ ᠤ ᠳᠡᠯᠡᠬᠡᠢ | ᠨᠡᠶᠢᠭᠡᠮ ᠢᠶᠠᠷ ᠢᠶᠠᠨ ᠰᠢᠨ᠎ᠡ ᠪᠤᠳᠤᠯᠢᠶᠠᠨᠲᠠᠢ ᠪᠠᠶᠢᠳᠠᠯ ᠪᠣᠯᠣᠨ ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ ᠪᠠᠶᠢᠳᠠᠯ ᠳᠣᠣᠷ᠎ᠠ ᠪᠷᠦ᠋ᠨ᠋ᠸᠢ ᠶᠢᠨ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠷᠦ᠋ᠨ᠋ᠸᠢ ᠳ᠋ᠠᠷᠤᠰᠠᠯᠠᠮ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠪᠷᠦ᠋ᠨ᠋ᠸᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠤᠯᠢ ᠴᠠᠭᠠᠵᠠ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ | ᠪᠠᠶᠢᠭᠤᠯᠬᠤ᠂ ᠠᠵᠤ ᠠᠬᠤᠢ ᠠᠷᠠᠯᠵᠢᠶ᠎ᠠ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠠᠰᠠᠩᠨᠠᠷ ᠢ ᠤᠭᠲᠤᠬᠤ | ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠪᠷᠦ᠋ᠨ᠋ᠸᠢ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠬᠠᠰᠠᠩᠨᠠᠷ ᠰᠢ ᠶᠢᠨ ᠫᠢᠩ ᠤᠨ ᠪᠠᠷ᠎ᠠ ᠪᠤᠯᠤᠯᠭ᠎ᠠ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ | ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠬᠠᠰᠠᠩᠨᠠᠷ ᠢ ᠤᠭᠲᠤᠬᠤ | ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | |