ᠰᠢ ᠶᠢᠨ ᠫᠢᠩ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/2/7
          ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 5᠎ ᠤ ᠴᠠᠭᠢᠯᠭᠠᠨ ᠮᠡᠳᠡᠭᠡ   2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃
1.jpg
         2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠳ᠋ᠢᠩ ᠯᠢᠨ  ᠰᠡᠭᠦᠳᠡᠷᠯᠡᠪᠡ
2.jpg
         2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠱᠧᠨ ᠬᠤᠩ  ᠰᠡᠭᠦᠳᠡᠷᠯᠡᠪᠡ        ᠰᠢ ᠶᠢᠨ ᠫᠢᠩ ᠂ ᠳᠤᠮᠳᠠᠳᠤ ᠤᠯᠤᠰ ᠪᠣᠯᠣᠨ ᠺᠢᠷᠭᠢᠽᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ ᠂ ᠠᠷᠠᠳ ᠤᠨ ᠰᠡᠳᠬᠢᠯ ᠡᠯᠢᠭᠡᠰᠡᠭ ᠳᠣᠲᠣᠨᠣ ᠪᠠᠶᠢᠵᠤ ᠂ ᠰᠠᠶᠢᠨ ᠬᠥᠷᠰᠢ ᠂ ᠰᠠᠶᠢᠨ ᠨᠠᠶᠢᠵᠠ ᠂ ᠰᠠᠶᠢᠨ ᠬᠠᠨᠢᠲᠠᠨ ᠶᠤᠮ ᠃ ᠣᠶᠢᠷ᠎ᠠ ᠶᠢᠨ ᠵᠢᠯ ᠠᠴᠠ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠰᠢᠨ᠎ᠡ ᠥᠨᠳᠥᠷᠴᠡ ᠳᠤ ᠬᠦᠷᠴᠡᠢ ᠃ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠠᠷ ᠤᠨ ᠴᠢᠮᠡᠭᠡ ᠲᠠᠰᠤᠷᠠᠯᠳᠠ ᠦᠭᠡᠢ ᠤᠯᠠᠮᠵᠢᠯᠠᠭᠳᠠᠵᠤ ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠡᠶᠢᠭᠡᠮ ᠪᠠ ᠠᠷᠠᠳ ᠤᠨ ᠰᠠᠨᠠᠭᠠᠨ ᠤ ᠰᠠᠭᠤᠷᠢ ᠡᠳᠦᠷ ᠢᠷᠡᠬᠦᠶ᠎ᠡ ᠪᠠᠬᠢᠵᠢᠪᠡ ᠃ ᠺᠢᠷᠭᠢᠽᠰᠲ᠋ᠠᠨ ᠤ ᠬᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ ᠤᠯᠤᠰ ᠲᠡᠮᠵᠢᠵᠥ ᠂ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠥᠷᠭᠡᠳᠬᠡᠵᠦ ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ ᠂ ᠭᠠᠷ ᠬᠤᠯᠪᠣᠨ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠨᠡᠩ ᠰᠠᠶᠢᠲᠤᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃
3.jpg
         2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠱᠧᠨ ᠬᠤᠩ  ᠰᠡᠭᠦᠳᠡᠷᠯᠡᠪᠡ        ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ ᠂ ︽ᠨᠢᠭᠡ ᠪᠦᠰᠡ ᠨᠢᠭᠡ ᠵᠠᠮ ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠤᠯᠭᠠᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠶ᠎ᠡ ᠃ ᠳᠤᠮᠳᠠᠳᠤ ᠤᠯᠤᠰ ᠳᠤᠷᠠᠲᠠᠶ᠎ᠠ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ ᠂ ᠺᠢᠷᠭᠢᠽᠰᠲ᠋ᠠᠨ ᠤ ᠨᠠᠩ ᠣᠯᠠᠨ ᠴᠢᠨᠠᠷ ᠰᠠᠶᠢᠲᠠᠢ ᠲᠠᠸᠠᠷ ᠢ ᠣᠷᠣᠭᠤᠯᠵᠤ ᠂ ᠨᠠᠩ ᠣᠯᠠᠨ ᠳᠤᠮᠳᠠᠳᠤ ᠶᠢᠨ ᠪᠠᠯᠡᠲᠤ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠡ ᠂ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ ᠃  ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠢ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠪᠠᠷ ᠰᠠᠶᠢᠲᠤᠷ ᠪᠦᠲᠦᠭᠡᠨ ᠪᠠᠶᠢᠭᠤᠯᠵᠤ ᠂ ᠨᠢᠭᠡᠨᠲᠡ ᠪᠠᠶᠢᠭ᠎ᠠ ᠬᠢᠯᠢ ᠶᠢᠨ ᠪᠣᠭᠤᠮᠲᠠ ᠶᠢᠨ ᠣᠳᠣᠬᠢᠴᠢᠯᠠᠭᠰᠠᠨ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠵᠤ ᠂ ᠨᠡᠩ ᠤᠯᠠᠨ ᠠᠶᠠᠨᠴᠢᠳ ᠤᠨ ᠵᠥᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠨᠠᠪᠲᠠᠷᠡᠭᠦᠯᠵᠦ ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠪᠠᠷᠠᠭᠠᠨ ᠤ ᠭᠦᠢᠯᠭᠡᠭᠡ ᠳᠤ ᠨᠡᠩ ᠤᠯᠠᠨ ᠲᠦᠭᠦᠮ ᠦᠵᠡᠭᠦᠯᠦᠶ᠎ᠡ ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠂ ᠲᠣᠮᠣ ᠳ᠋ᠠᠶᠢᠲ᠋ᠠ ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠶ᠎ᠠ ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠣᠶᠣᠯ ᠤᠨ ᠲᠥᠪ ᠂ ᠯᠦ ᠪᠠᠨ ᠦᠢᠯᠡᠳᠬᠡᠯ ᠤᠨ ᠭᠠᠵᠠᠷ ᠂ ᠺᠦᠩᠽᠢ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢ ᠰᠠᠶᠢᠲᠤᠷ ᠡᠵᠡᠩᠨᠡᠵᠦ ᠂ ᠣᠷᠣᠨ ᠨᠤᠲᠤᠭ ᠤᠨ ᠰᠣᠯᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠺᠢᠷᠭᠢᠽᠰᠲ᠋ᠠᠨ ᠤ ᠨᠥᠬᠦᠷᠯᠡᠯ ᠤᠨ ᠦᠢᠯᠡᠰ ᠲᠤ ᠣᠷᠤᠯᠴᠠᠬᠤ ᠨᠡᠩ ᠤᠯᠠᠨ ᠬᠦᠴᠦᠨ ᠢ ᠪᠣᠶᠢᠵᠢᠭᠤᠯᠤᠶ᠎ᠠ ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠲᠠᠯ᠎ᠠ ᠲᠠᠢ ᠨᠢᠭᠲᠠ ᠬᠠᠮᠵᠢᠯᠴᠠᠵᠤ ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ ᠃      ᠵᠠᠫᠠᠯᠤᠹ ᠂ ᠰᠢᠨ᠎ᠡ ᠵᠢᠯ ᠤᠨ ᠡᠬᠢᠨ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠶ᠎ᠡ ᠃ ᠳᠤᠮᠳᠠᠳᠤ ᠤᠯᠤᠰ ᠤᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠬᠦᠰᠡᠨ ᠵᠥᠩᠨᠡᠵᠦ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠶᠠᠨ ᠳᠤ ᠭᠢᠯᠠᠯᠵᠠᠭᠰᠠᠨ ᠠᠮᠵᠢᠯᠲᠠ ᠣᠯᠵᠤ ᠂ ᠡᠯ᠎ᠡ ᠤᠯᠤᠰ ᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠨ ᠬᠤᠪᠢᠶᠠᠯᠴᠠᠵᠤ ᠂ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢᠨ ᠬᠠᠮᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠪᠣᠯᠪᠠ ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ᠎ᠠ ᠃ ᠺᠢᠷᠭᠢᠽᠰᠲ᠋ᠠᠨ ᠳᠤᠮᠳᠠᠳᠤ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ ᠃ ᠬᠤᠶᠠᠷ ᠤᠯᠤᠰ ᠤᠨ ᠬᠠᠷᠢᠯᠴᠠᠭ᠎ᠠ ᠣᠶᠢᠷ᠎ᠠ ᠶᠢᠨ ᠵᠢᠯ ᠳᠤ ᠰᠢᠨ᠎ᠡ ᠲᠦᠪᠰᠢᠨ ᠳᠤ ᠭᠦᠷᠪᠠ ᠂ ᠳᠤᠮᠳᠠᠳᠤ ᠤᠯᠤᠰ ᠪᠣᠯ ᠺᠢᠷᠭᠢᠽᠰᠲ᠋ᠠᠨ ᠤ ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ ᠬᠠᠮᠲᠤᠷᠠᠯᠴᠠᠭ᠎ᠠ ᠥᠷᠨᠢᠭᠦᠯᠦᠭᠰᠡᠨ ᠪᠥᠭᠡᠳ ᠦᠯᠡᠮᠵᠢ ᠦᠷ᠎ᠡ ᠪᠦᠲᠦᠭᠡᠯ ᠣᠯᠪᠠ ᠃ ᠺᠢᠷᠭᠢᠽᠰᠲ᠋ᠠᠨ ᠤ ᠬᠢᠨ ᠲᠠᠶᠢᠸᠠᠨ ᠂ ᠰᠢᠨᠵᠢᠶᠠᠩ ᠳᠤ ᠬᠤᠯᠪᠣᠭᠳᠠᠭᠰᠠᠨ ᠂ ᠰᠢᠶᠠᠩᠭᠠᠩ ᠳᠤ ᠬᠤᠯᠪᠣᠭᠳᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠢ ᠦᠷᠭᠦᠯᠵᠢᠯᠡᠨ ᠡᠷᠡᠰ ᠳᠡᠮᠵᠢᠨ᠎ᠡ ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ ︽ᠨᠢᠭᠡ ᠪᠦᠰᠡ ᠨᠢᠭᠡ ᠵᠠᠮ ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠭᠡᠬᠦ ᠡᠨᠡ ᠬᠦ ︽ᠪᠣᠯᠣᠳ ᠲᠡᠮᠦᠷ ᠤᠨ ᠲᠣᠷᠭᠠᠨ ᠵᠠᠮ ︾᠎ ᠢ ᠰᠠᠶᠢᠲᠤᠷ ᠪᠦᠲᠦᠭᠡᠨ ᠪᠠᠶᠢᠭᠤᠯᠵᠤ ᠂ ᠠᠵᠤ ᠦᠢᠯᠡᠰ ᠂ ᠪᠡᠯᠡ ᠣᠷᠣᠭᠤᠯᠤᠯᠲᠠ ᠂ ᠠᠷᠠᠯᠵᠢᠶ᠎ᠠ ᠂ ᠵᠠᠮ ᠬᠠᠷᠢᠯᠴᠠᠭ᠎ᠠ ᠂ ᠡᠯᠧᠺᠲᠷᠣᠨ ᠬᠤᠳᠠᠯᠳᠤᠭᠠᠨ ᠤ ᠶᠠᠪᠤᠳᠠᠯ ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ ᠃ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ ᠂  ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃
4.jpg
         2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠳᠠᠷᠠᠭ᠎ᠠ ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠬᠠᠮᠲᠤ ᠪᠠᠷ ᠭᠠᠷ ᠤᠨ ᠥᠰᠥᠭ ᠵᠢᠷᠤᠵᠤ ᠪᠠᠶᠢᠭ᠎ᠠ ᠨᠢ ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠱᠧᠨ ᠬᠤᠩ  ᠰᠡᠭᠦᠳᠡᠷᠯᠡᠪᠡ        ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠎ ᠳᠤ ᠬᠠᠮᠲᠤ ᠪᠠᠷ ᠭᠠᠷ ᠤᠨ ᠥᠰᠥᠭ ᠵᠢᠷᠤᠵᠤ ᠂ ︽ᠨᠢᠭᠡ ᠪᠦᠰᠡ ᠨᠢᠭᠡ ᠵᠠᠮ ︾᠎ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠵᠢᠴᠢ ᠭᠠᠳᠠᠭᠠᠳᠤ ᠬᠠᠷᠢᠯᠴᠠᠭ᠎ᠠ ᠂ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠭᠡᠷᠡᠴᠢᠯᠡᠪᠡ ᠃      ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠶᠢ ᠤᠭᠲᠤᠬᠤ ᠶᠣᠰᠣᠯᠠᠯ ᠶᠠᠪᠤᠭᠤᠯᠪᠠ ᠃
5.jpg 
        2 ᠰᠠᠷ᠎ᠠ ᠶᠢᠨ 5᠎ ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠳ᠋ᠢᠩ ᠯᠢᠨ  ᠰᠡᠭᠦᠳᠡᠷᠯᠡᠪᠡ        ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠵᠠᠫᠠᠯᠤᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃      ᠲᠤᠰ ᠡᠳᠦᠷ ᠤᠨ ᠦᠳᠡ ᠳᠤ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ