ᠣᠷᠳᠣᠰ ᠤᠨ ᠨᠢᠰᠬᠡᠯ ᠤᠨ ᠪᠠᠭᠤᠳᠠᠯ ᠤᠨ ᠵᠠᠮ ᠬᠠᠷᠢᠯᠴᠠᠭᠠᠨ ᠤ ᠶᠠᠪᠤᠵᠤ ᠰᠠᠭᠤᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠯᠪᠠᠨ ᠵᠠᠷ | ᠬᠦᠨᠳᠦᠲᠦ ᠠᠶᠠᠨᠴᠢᠳ ᠲᠤ᠄ | ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠠᠶᠠᠨᠴᠢᠳ ᠤᠨ ᠶᠠᠪᠤᠵᠤ ᠰᠠᠭᠤᠬᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 3 ᠳ᠋ᠤᠭᠠᠷ ᠰᠠᠷ᠎ᠠ ᠶᠢᠨ 9 ᠤ | ᠡᠳᠦᠷ ᠤᠨ 00 ᠴᠠᠭ ᠠᠴᠠ ᠡᠬᠢᠯᠡᠨ᠂ ᠬᠡᠰᠡᠭ ᠵᠠᠮ ᠬᠠᠷᠢᠯᠴᠠᠭᠠᠨ ᠤ ᠶᠠᠪᠤᠵᠤ ᠰᠠᠭᠤᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠪᠠ᠂ ᠳᠤᠤᠷᠠᠬᠢ ᠮᠡᠲᠦ᠄ | ᠨᠢᠭᠡ᠂ ᠳᠤᠬᠢᠷᠠᠭᠤᠯᠤᠭᠰᠠᠨ ᠵᠤᠶᠢᠯ | ᠲᠦᠷᠢᠶᠡᠰᠦᠨ ᠮᠠᠰᠢᠨ ᠳᠤ ᠰᠠᠭᠤᠬᠤ ᠭᠠᠵᠠᠷ ᠢ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠬᠤᠶᠠᠳᠤᠭᠠᠷ ᠳᠠᠪᠬᠤᠷᠭ᠎ᠠ ᠳᠤ ᠲᠣᠬᠢᠷᠠᠭᠤᠯᠪᠠ᠃ | ᠨᠡᠶᠢᠭᠡᠮ ᠤᠨ ᠲᠣᠮᠣ ᠰᠠᠭᠤᠳᠠᠯ ᠤᠨ ᠮᠠᠰᠢᠨ ᠲᠡᠷᠭᠡᠨ ᠳᠤ ᠰᠠᠭᠤᠬᠤ ᠭᠠᠵᠠᠷ ᠢ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠨᠢᠭᠡᠳᠦᠭᠡᠷ ᠳᠠᠪᠬᠤᠷᠭ᠎ᠠ ᠳᠤ | ᠲᠣᠬᠢᠷᠠᠭᠤᠯᠪᠠ᠃ | ᠬᠤᠶᠠᠷ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠡᠯ᠎ᠡ ᠵᠠᠮ ᠬᠠᠷᠢᠯᠴᠠᠭᠠᠨ ᠤ ᠠᠷᠭ᠎ᠠ ᠮᠠᠶ᠋ᠢᠭ ᠤᠨ ᠲᠠᠷᠬᠠᠯᠲᠠ | ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠬᠤᠶᠠᠳᠤᠭᠠᠷ ᠳᠠᠪᠬᠤᠷᠭ᠎ᠠ᠄ ᠨᠢᠰᠬᠡᠯ ᠤᠨ ᠪᠠᠭᠤᠳᠠᠯ ᠤᠨ ᠨᠡᠶᠢᠲᠡ ᠶᠢᠨ ᠮᠠᠰᠢᠨ ᠲᠡᠷᠭᠡ᠂ ᠨᠡᠶᠢᠲᠡ ᠶᠢᠨ | ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ᠃ | ᠠᠭᠠᠷ ᠤᠨ ᠠᠶᠠᠯᠠᠯ ᠤᠨ ᠠᠰᠠᠷ ᠤᠨ ᠨᠢᠭᠡᠳᠦᠭᠡᠷ ᠳᠠᠪᠬᠤᠷᠭ᠎ᠠ᠄ ᠨᠡᠶᠢᠭᠡᠮ ᠤᠨ ᠲᠣᠮᠣ ᠰᠠᠭᠤᠳᠠᠯ ᠤᠨ ᠮᠠᠰᠢᠨ ᠲᠡᠷᠭᠡ᠃ | ᠭᠤᠷᠪᠠ᠂ ᠲᠤᠳᠤᠨᠤ ᠰᠠᠨᠠᠭᠤᠯᠤᠮᠵᠢ | ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ᠵᠠᠮ ᠱᠤᠭᠤᠮ ᠢᠶᠠᠨ ᠤᠷᠢᠳᠴᠢᠯᠠᠨ ᠲᠥᠯᠥᠪᠯᠡᠵᠦ᠂ ᠲᠣᠬᠢᠷᠠᠮᠵᠢᠲᠠᠶ ᠵᠠᠮ ᠬᠠᠷᠢᠯᠴᠠᠭᠠᠨ ᠤ ᠠᠷᠭ᠎ᠠ ᠶᠢ | ᠰᠣᠩᠭᠤᠭᠠᠷᠠᠶ᠃ ᠬᠡᠷᠪᠡ ᠶᠠᠮᠠᠷ ᠠᠰᠠᠭᠤᠳᠠᠯ ᠪᠠᠶᠢᠪᠠᠯ ᠨᠢᠰᠬᠡᠯ ᠤᠨ ᠪᠠᠭᠤᠳᠠᠯ ᠤᠨ ᠠᠵᠢᠯᠲᠠᠨ ᠪᠤᠶᠤ ᠦᠢᠯᠡᠴᠢᠯᠡᠭᠡᠨ ᠤ ᠤᠲᠠᠰᠤ ᠳᠤ ᠤᠳᠠᠰᠤᠳᠠᠵᠤ ᠪᠣᠯᠤᠨ᠎ᠠ᠄ | 0477—89011 | ᠲᠠᠨ ᠤ ᠣᠶᠢᠯᠠᠭᠠᠯᠲᠠ ᠪᠣᠯᠤᠨ ᠬᠠᠮᠵᠢᠯᠴᠠᠭ᠎ᠠ ᠳᠤ ᠪᠠᠶᠠᠷᠯᠠᠯ᠎ᠠ᠂ ᠲᠠᠨ ᠤ ᠠᠶᠠᠨ ᠵᠠᠮ ᠳᠤ ᠪᠠᠨ ᠪᠠᠶᠠᠷᠲᠠᠶ ᠪᠠᠶᠢᠬᠤ ᠶᠢ ᠬᠦᠰᠡᠶ᠎ᠡ︕ | ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ | | | | 2025 ᠣᠨ ᠤ 3 ᠳ᠋ᠤᠭᠠᠷ ᠰᠠᠷ᠎ᠠ ᠶᠢᠨ 9 ᠤ ᠡᠳᠦᠷ | |