| ᠬᠥᠳᠡᠯᠮᠦᠷᠢ ᠶᠢᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠢᠢᠳᠪᠤᠷᠢᠯᠡᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠥᠬᠦ ᠬᠤᠲᠠ ᠶᠢᠨ | ᠠᠩᠬᠠᠳᠠᠭᠴᠢ ︽ᠬᠤᠲᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ + ᠰᠢᠭᠦᠬᠦ ᠬᠤᠷᠢᠶ᠎ᠠ︾ ᠶᠢᠨ ᠬᠥᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠠᠮᠲᠤᠷᠠᠨ ᠡᠶᠡᠳᠡᠭᠦᠯᠬᠦ ᠲᠥᠪ ᠡᠵᠡᠨ ᠬᠤᠷᠤᠭ᠎ᠠ ᠬᠤᠰᠢᠭᠤᠨ ᠳᠤ ᠪᠠᠶᠢᠭᠤᠯᠤᠭᠳᠠᠪᠠ᠃ | ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠤᠨ 406 ᠡᠶᠡᠳᠡᠭᠦᠯᠬᠦ ᠲᠠᠰᠤᠭ ᠲᠤ᠂ ᠯᠢᠦᠶ ᠣᠪᠣᠭᠲᠤ ᠪᠣᠯᠤᠨ ᠨᠢᠭᠡᠨ | ᠪᠠᠷᠢᠯᠭ᠎ᠠ ᠶᠢᠨ ᠬᠥᠳᠡᠯᠮᠦᠷᠢ ᠦᠢᠯᠡᠴᠢᠯᠡᠬᠡᠨ ᠤ ᠺᠣᠮᠫᠠᠨᠢ ᠶᠢᠨ ᠠᠵᠢᠯ ᠠᠴᠠ ᠪᠣᠯᠤᠭᠰᠠᠨ ᠭᠡᠮᠲᠦᠯ ᠤᠨ ᠬᠠᠷᠠᠭᠠᠯᠵᠠᠯ ᠤᠨ ᠲᠤᠬᠠᠢ ᠬᠡᠷᠡᠭ ᠢ ᠶᠠᠭ ᠡᠶᠡᠳᠡᠭᠦᠯᠵᠦ ᠪᠠᠶᠢᠬᠤ | ᠲᠠᠢ ᠲᠠᠭᠠᠷᠠᠵᠤ᠂ ᠬᠤᠲᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ | ᠰᠢᠭᠦᠬᠦ ᠬᠤᠷᠢᠶ᠎ᠠ ᠬᠠᠮᠲᠤᠷᠠᠨ ᠡᠶᠡᠳᠡᠭᠦᠯᠦᠨ ᠰᠢᠢᠳᠪᠤᠷᠢᠯᠡᠵᠤ᠂ ᠬᠥᠮᠦᠨ ᠬᠡᠷᠡᠭᠯᠡᠬᠦ ᠨᠢᠬᠡᠴᠢ ᠪᠣᠯᠤᠨ ᠬᠥᠳᠡᠯᠮᠦᠷᠢᠴᠢᠨ ᠲᠤᠬᠠᠶ ᠶᠢᠨ ᠲᠠᠯᠠᠪᠤᠷ ᠲᠤ ︽ᠭᠠᠷ ᠠᠳᠬᠤᠨ | ᠡᠶᠡᠳᠡᠬᠦᠯᠭᠡ ᠶᠢ ᠬᠦᠯᠢᠶᠡᠵᠦ︾᠂ ᠬᠥᠳᠡᠯᠮᠦᠷᠢ ᠶᠢᠨ ᠵᠠᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠤᠷᠢᠯᠡᠬᠦ ᠶᠢ ᠪᠡᠶᠡᠯᠡᠬᠦᠯᠦᠨ᠂ ᠲᠤᠬᠠᠶ ᠶᠢᠨ ᠬᠥᠮᠦᠨ ᠤ ᠡᠷᠬᠡ | ᠠᠰᠢᠭ ᠢᠶᠠᠨ ᠬᠠᠮᠠᠭᠠᠯᠠᠵᠤ ᠭᠤᠮᠣᠳᠠᠯ ᠲᠣᠭᠠᠴᠢᠬᠤ ᠶᠠᠪᠤᠴᠠ ᠶᠢ ᠪᠠᠭᠠᠰᠬᠠᠪᠠ᠃ | ᠯᠢᠦᠶ ᠣᠪᠣᠭᠲᠤ ᠶᠢ ᠲᠤᠰᠠᠯᠠᠬᠤ ᠬᠠᠤᠯᠢᠴᠢ ᠯᠢ ᠨᠠ ᠰᠤᠷᠪᠤᠯᠵᠢᠯᠠᠭᠴᠢ ᠳᠤ᠄ ︽ᠬᠤᠲᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠠᠮᠲᠤᠷᠠᠨ ᠡᠶᠡᠳᠡᠭᠦᠯᠬᠦ ᠪᠠᠷ ᠳᠡᠮᠵᠢᠨ᠂ ᠲᠤᠬᠠᠶ ᠶᠢᠨ | ᠬᠥᠮᠦᠨ ᠡᠶᠡᠳᠡᠭᠦᠯᠭᠡ ᠶᠢᠨ ᠦᠷ᠎ᠡ ᠳ᠋ᠦᠩ ᠳᠤ ᠮᠠᠰᠢ ᠬᠠᠨᠤᠮᠵᠢᠲᠠᠶ ᠪᠠᠶᠢᠨ᠎ᠠ᠃ ᠲᠤᠬᠠᠢ ᠶᠢᠨ ᠬᠥᠮᠦᠨ ᠤ ᠲᠤᠰᠠᠯᠠᠬᠤ ᠬᠠᠤᠯᠢᠴᠢ ᠪᠣᠯᠤᠭᠰᠠᠨ ᠤ ᠬᠤᠪᠢ ᠳᠤ ᠲᠤᠰ | ᠠᠷᠭ᠎ᠠ ᠬᠡᠮᠵᠢᠶ᠎ᠡ ᠶᠢᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠪᠡᠶ᠎ᠡ ᠪᠠᠷ ᠢᠶᠠᠨ ᠮᠡᠳᠡᠷᠡᠵᠦ᠂ ᠡᠨᠡ ᠬᠦ ᠠᠷᠭ᠎ᠠ ᠬᠡᠮᠵᠢᠶ᠎ᠡ ᠶᠢ ᠦᠷᠭᠦᠯᠵᠢᠯᠡᠨ | ᠳᠡᠯᠭᠡᠷᠡᠭᠦᠯᠵᠦ᠂ ᠨᠡᠩ ᠤᠯᠠᠨ ᠠᠷᠠᠳ ᠤᠯᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠦᠭᠬᠦᠨ᠎ᠡ︾ ᠭᠡᠵᠦ ᠪᠠᠶᠢᠪᠠ᠃ | ︽ᠬᠤᠲᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ + ᠰᠢᠭᠦᠬᠦ ᠬᠤᠷᠢᠶ᠎ᠠ︾ ᠶᠢᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠬᠠᠮᠲᠤᠷᠠᠨ ᠡᠶᠡᠳᠡᠭᠦᠯᠬᠦ ᠲᠥᠪ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠥᠨᠳᠡᠯᠡᠨ ᠠᠴᠠ | ᠲᠠᠰᠤᠯᠬᠤ ᠪᠠ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠬᠦ ᠪᠠᠷ ᠲᠠᠮᠵᠢᠨ᠂ ᠦᠨᠳᠦᠰᠦᠨ ᠱᠠᠲᠤᠨ ᠤ ᠵᠥᠷᠢᠴᠡᠯ ᠢ | ᠡᠶᠡᠳᠡᠭᠦᠯᠬᠦ ᠪᠠᠶᠢᠭᠤᠯᠤᠮᠵᠢ ᠶᠢᠨ ᠳᠠᠪᠠᠭᠤᠯᠢᠭ ᠢ ᠬᠦᠢᠴᠡᠳ ᠠᠰᠢᠭᠯᠠᠨ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠦᠵᠡᠯᠲᠡ ᠪᠠᠨ ᠰᠣᠯᠢᠯᠴᠠᠬᠤ ᠶᠢ ᠪᠡᠶᠡᠯᠡᠭᠦᠯᠵᠦ᠂ | ᠵᠠᠭᠠᠯᠳᠤᠬᠤ ᠡᠶᠡᠳᠡᠭᠦᠯᠬᠦ ᠭᠤᠭᠴᠤᠭ᠎ᠠ ᠶᠢ ᠬᠥᠨᠳᠡᠯᠡᠨ ᠠᠴᠠ ᠲᠠᠰᠤᠯᠬᠤ ᠱᠠᠲᠤᠨ ᠳᠤ ᠣᠷᠣᠭᠤᠯᠤᠨ᠎ᠠ᠃ ᠡᠨᠡ ᠬᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯ | ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠲᠤ ᠴᠢᠭᠯᠡᠭᠦᠯᠦᠨ ᠬᠠᠮᠲᠤᠷᠠᠨ ᠡᠶᠡᠳᠡᠭᠦᠯᠦᠨ ᠰᠢᠢᠳᠪᠦᠷᠢᠯᠡᠵᠦ᠂ ᠲᠠᠰᠤᠯᠤᠨ ᠰᠢᠭᠦᠬᠦ | ᠪᠠᠷᠢᠮᠵᠢᠶ᠎ᠠ ᠶᠢᠨ ᠨᠢᠭᠡᠳᠦᠯᠲᠡᠢ ᠪᠠᠶᠢᠬᠤ ᠪᠠ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠵᠥᠷᠢᠴᠡᠯ | ᠵᠠᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ | ᠰᠢᠢᠳᠪᠦᠷᠢᠯᠡᠬᠦ ᠶᠠᠪᠤᠳᠠᠯ ᠪᠣᠯᠤᠨ᠎ᠠ᠃ | ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠠᠵᠢᠯᠲᠠᠨ ᠸᠠᠩ ᠬᠤᠶ ᠵᠢᠶᠦ᠋ᠨ ᠰᠤᠷᠪᠤᠯᠵᠢᠯᠠᠭᠴᠢ ᠳᠤ᠄ ︽ᠬᠥᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠵᠢᠴᠢ ᠰᠢᠭᠦᠬᠦ ᠬᠤᠷᠢᠶᠠᠨ ᠤ ᠳᠡᠮᠵᠢᠯᠭᠡ ᠶᠢᠨ ᠨᠣᠷᠮ᠎ᠠ ᠶᠢ | ᠦᠨᠡᠨ ᠬᠦ ᠳᠡᠭᠡᠭᠰᠢᠯᠡᠭᠦᠯᠵᠦ᠂ ᠲᠡᠰᠦᠯᠦᠨ ᠬᠢᠨᠠᠬᠤ ᠶᠢ ᠪᠦᠲᠦᠮᠵᠢᠲᠡᠶ ᠵᠣᠯᠭᠠᠭᠤᠯᠵᠤ᠂ ᠡᠶᠡᠳᠡᠭᠦᠯᠦᠨ ᠲᠠᠰᠤᠯᠤᠭᠰᠠᠨ ᠦᠷ᠎ᠡ ᠳ᠋ᠦᠩ ᠢ ᠨᠢᠭᠡᠳᠦᠯᠲᠡᠶ ᠪᠣᠯᠭᠠᠵᠤ᠂ | ᠮᠠᠷᠭᠤᠯᠳᠤᠭᠠᠨ ᠢ ᠤᠶᠠᠨ ᠬᠠᠲᠠᠨ ᠢᠶᠠᠷ ᠨᠠᠮᠳᠠᠭᠤᠯᠵᠤ᠂ ᠬᠠᠤᠯᠢ ᠪᠠᠷᠢᠬᠤ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠵᠤ᠂ ᠬᠠᠤᠯᠢ ᠪᠠᠷᠢᠬᠤ ᠡᠷᠬᠡ ᠰᠦᠷᠲᠦ | ᠴᠢᠨᠠᠷ ᠢ ᠬᠦᠴᠦᠲᠡᠶ ᠪᠠᠲᠤᠯᠠᠵᠤ᠂ ᠲᠤᠬᠠᠶ ᠶᠢᠨ ᠬᠥᠮᠦᠨ ᠤ ᠠᠳᠠᠯᠢ ᠪᠤᠰᠤ ᠮᠠᠷᠭᠤᠯᠳᠤᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠨ᠎ᠠ︾ ᠭᠡᠪᠡ᠃ | ᠣᠳᠣᠬᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠬᠢᠭᠡᠳ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠬᠤᠶ | ᠪᠠᠶᠢᠳᠠᠯ ᠳᠤᠤᠷ᠎ᠠ᠂ ᠲᠣᠰ ᠬᠠᠮᠲᠤᠷᠠᠨ ᠡᠶᠡᠳᠡᠭᠦᠯᠬᠦ ᠲᠥᠪ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠠᠵᠢᠯ ᠤᠨ ᠵᠠᠭᠪᠤᠷ ᠢ | ᠬᠡᠷᠡᠭᠯᠡᠵᠦ᠂ ︽ᠡᠶᠡᠳᠡᠭᠦᠯᠬᠦ ᠬᠥᠨᠳᠡᠯᠡᠨ ᠠᠴᠠ ᠲᠠᠰᠤᠯᠬᠤ ᠵᠠᠭᠠᠯᠳᠤᠬᠤ ᠰᠢᠭᠦᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠡᠶᠡᠳᠡᠭᠦᠯᠬᠦ ᠲᠣᠭᠲᠠᠴᠠ ᠶᠢ ᠪᠠᠶᠢᠭᠤᠯᠪᠠ᠃ ᠡᠨᠡ ᠬᠦ ᠲᠣᠭᠲᠠᠴᠠ ᠶᠢᠨ ᠪᠠᠶᠢᠭᠤᠯᠤᠯᠲᠠ ᠨᠢ ᠡᠵᠡᠨ ᠬᠤᠷᠤᠭ᠎ᠠ ᠬᠤᠰᠢᠭᠤ ᠶᠢ ᠪᠠᠶᠢᠭᠤᠯᠬᠤ ᠪᠥᠬᠦ | ᠶᠠᠪᠤᠴᠠ᠂ ᠪᠥᠬᠦ ᠬᠡᠯᠬᠢᠶᠡᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠡᠷᠭᠡᠶᠢᠯᠡᠨ ᠰᠢᠢᠳᠪᠤᠷᠢᠯᠡᠬᠦ ᠲᠣᠭᠲᠠᠴᠠ ᠶᠢᠨ ᠴᠢᠬᠤᠯᠠ ᠠᠭᠤᠯᠭ᠎ᠠ | ᠪᠣᠯᠬᠤ ᠪᠠᠷ ᠪᠠᠷᠠᠬᠤ ᠥᠬᠡᠶ᠂ ᠪᠠᠰᠠ ᠴᠤ ︽ᠹᠧᠩ ᠴᠢᠶᠣᠤ ᠶᠢᠨ ᠲᠤᠷᠰᠢᠯᠭ᠎ᠠ︾ ᠶᠢᠨ ᠲᠤᠬᠠᠶ ᠶᠢᠨ ᠭᠠᠵᠠᠷ ᠲᠠᠬᠢ ᠠᠮᠢᠳᠤᠯᠢᠭ ᠦᠢᠯᠡᠳᠤᠯᠬᠡ ᠶᠢᠨ ᠪᠣᠳᠠᠲᠠᠶ ᠢᠯᠡᠷᠡᠯ | ᠪᠣᠯᠤᠨ᠎ᠠ᠃ | ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠨᠳᠡᠯᠡᠨ ᠠᠴᠠ ᠲᠠᠰᠤᠯᠬᠤ ᠵᠠᠬᠢᠳᠠᠯ | ᠰᠤᠷᠪᠤᠯᠵᠢᠯᠠᠭ᠎ᠠ ᠶᠢᠨ ᠰᠠᠯᠠᠭᠠᠨ ᠤ ᠳᠠᠷᠤᠭ᠎ᠠ ᠰᠦᠨ ᠰᠢᠶᠤᠤ ᠲᠢᠩ ᠰᠤᠷᠪᠤᠯᠵᠢᠯᠠᠭᠴᠢ ᠳᠤ᠄ ︽ᠲᠠᠷᠠᠭᠠᠴᠢ ᠶᠢᠨ ᠠᠯᠬᠤᠮ ᠳᠤ᠂ ᠬᠤᠲᠠ᠂ ᠬᠤᠰᠢᠭᠤ ᠬᠤᠶᠠᠷ ᠱᠠᠲᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠠᠮᠲᠤᠷᠠᠨ ᠡᠶᠡᠳᠡᠭᠦᠯᠬᠦ ᠲᠥᠪ ᠤᠨ ᠠᠵᠢᠯ ᠤᠨ ᠴᠤᠪᠤᠷᠠᠯ ᠢ ᠤᠯᠠᠮ | ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠠᠭᠠᠯᠳᠤᠬᠤ ᠠᠴᠠ ᠡᠮᠦᠨ᠎ᠡ ᠰᠢᠢᠳᠪᠤᠷᠢᠯᠡᠬᠦ᠂ ᠬᠠᠮᠲᠤᠷᠠᠨ ᠰᠢᠢᠳᠪᠤᠷᠢᠯᠡᠬᠦ᠂ ᠪᠦᠲᠦᠮᠵᠢᠲᠡᠶ ᠰᠢᠢᠳᠪᠤᠷᠢᠯᠡᠬᠦ | ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ︾ ᠬᠡᠪᠡ᠃ | ᠡᠵᠡᠨ ᠬᠤᠷᠤᠭ᠎ᠠ ᠬᠤᠰᠢᠭᠤ ᠬᠠᠤᠯᠢᠵᠢᠯ ᠤᠨ ︽ᠬᠠᠳᠠᠨ ᠴᠢᠨᠠᠷ︾ ᠪᠠ ᠡᠶᠡᠳᠡᠭᠦᠯᠭᠡ ᠶᠢᠨ ︽ᠬᠠᠶᠢᠷ᠎ᠠ ᠰᠡᠳᠬᠢᠯᠭᠡ︾ ᠶᠢ ᠠᠭᠤᠰᠤᠯᠴᠠᠭᠤᠯᠤᠨ ᠬᠠᠮᠲᠤ ᠪᠠᠷ | ᠵᠠᠰᠠᠬᠤ ᠶᠢ ᠪᠠᠷᠢᠮᠲᠠᠯᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠪᠠ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢ ᠵᠡᠷᠭᠡ ᠪᠠᠷ | ᠴᠢᠬᠤᠯᠠᠴᠢᠯᠠᠬᠤ ᠵᠠᠮ ᠳᠡᠭᠡᠷ᠎ᠡ ᠲᠠᠰᠤᠷᠠᠯᠲᠠ ᠥᠬᠡᠶ ᠰᠦᠪᠡᠭᠴᠢᠯᠡᠨ ᠦᠢᠯᠡᠳᠤᠯᠬᠡᠵᠢᠬᠦᠯᠵᠦ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠣᠯᠠᠨ | ᠡᠰᠢᠴᠢᠯᠡᠨ ᠰᠢᠢᠳᠪᠤᠷᠢᠯᠡᠬᠦ ᠤᠯᠤᠰ ᠲᠥᠷᠥ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ | ᠨᠢᠭᠡᠳᠦᠯ ᠢ ᠢᠳᠡᠪᠬᠢᠲᠡᠶ ᠠᠬᠢᠭᠤᠯᠪᠠ᠃ | |