ᠳᠤᠮᠳᠠᠳᠤ ᠪᠠᠭ᠎ᠠ ᠰᠤᠷᠭᠠᠭᠤᠯᠢ ᠶᠢᠨ AI ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/12
      ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠷᠳᠣᠰ ᠬᠤᠲᠠ ᠶᠢᠨ ᠵᠣᠬᠢᠶᠠᠮᠠᠯ ᠣᠶᠤᠨ ᠤ ᠰᠤᠷᠭᠠᠨ ᠬᠥᠮᠦᠵᠢᠯ ᠤᠨ ᠲᠤᠷᠰᠢᠯᠲᠠ ᠶᠢᠨ ᠠᠵᠢᠯ ᠢ ᠭᠦᠨᠵᠡᠭᠡᠢ ᠳᠡᠯᠭᠡᠷᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠦᠢᠷ᠎ᠠ ᠳᠤ᠂ ᠣᠷᠳᠣᠰ ᠬᠤᠲᠠ ᠶᠢᠨ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠣᠷᠳᠣᠨ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ  ᠳᠠᠬᠢ ᠬᠤᠪᠢᠶᠠᠷᠢ ᠰᠤᠷᠭᠠᠭᠤᠯᠢ ᠳᠤ ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ AI ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ( ᠡᠵᠡᠨ ᠬᠤᠷᠤᠭ᠎ᠠ ᠬᠤᠰᠢᠭᠤᠨ ᠤ ᠲᠤᠰᠬᠠᠢ ᠲᠠᠯᠠᠪᠤᠷ ) ᠢ ᠠᠮᠵᠢᠯᠲᠠ ᠲᠠᠢ ᠡᠷᠬᠢᠯᠡᠪᠡ᠃ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠦᠪ ᠠᠴᠠ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ᠂ ᠬᠡᠰᠡᠭ ᠰᠤᠷᠭᠠᠭᠤᠯᠢ ᠶᠢᠨ ᠵᠠᠬᠢᠷᠤᠯ ᠵᠢᠴᠢ ᠬᠢᠴᠢᠶᠡᠯ ᠲᠥᠷᠥᠯ ᠤᠨ ᠪᠠᠭᠰᠢ ᠨᠡᠶᠢᠲᠡ 67 ᠬᠥᠮᠦᠨ ᠪᠣᠯᠪᠠᠰᠤᠷᠠᠯ ᠳᠤ ᠣᠷᠣᠯᠴᠠᠪᠠ᠃      ᠲᠤᠰ ᠤᠳᠠᠭ᠎ᠠ ᠶᠢᠨ ᠪᠣᠯᠪᠠᠰᠤᠷᠠᠯ ᠨᠢ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠬᠢᠭᠡᠳ Python ᠫᠷᠦ᠋ᠺᠼᠢ ᠨᠠᠶᠢᠷᠠᠭᠤᠯᠤᠯᠳᠠ ᠶᠢ ᠲᠥᠪᠯᠡᠷᠡᠭᠦᠯᠵᠦ᠂ ᠣᠨᠣᠯ ᠪᠣᠯᠤᠨ ᠦᠢᠯᠡᠳᠦᠯᠭᠡ ᠶᠢ ᠤᠶᠠᠯᠳᠤᠭᠤᠯᠤᠭᠰᠠᠨ ᠬᠢᠴᠢᠶᠡᠯ ᠤᠨ ᠰᠢᠰᠲ᠋ᠧᠮ ᠢᠶᠠᠷ ᠳᠠᠮᠵᠢᠭᠤᠯᠤᠨ᠂ ᠪᠠᠭᠰᠢ ᠶᠢᠨ AI ᠰᠤᠷᠭᠠᠨ ᠬᠥᠮᠦᠵᠢᠯ ᠤᠨ ᠬᠦᠷᠢᠶᠡᠨ ᠳᠠᠬᠢ ᠮᠡᠷᠭᠡᠵᠢᠯ ᠤᠨ ᠰᠢᠯᠵᠢᠯᠲᠡ ᠬᠢᠬᠦ ᠴᠢᠳᠠᠪᠤᠷᠢ ᠪᠣᠯᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ  ᠳᠡᠭᠡᠭᠰᠢᠯᠡᠭᠦᠪᠡ᠃      ᠲᠤᠰ ᠤᠳᠠᠭ᠎ᠠ ᠶᠢᠨ ᠪᠣᠯᠪᠠᠰᠤᠷᠠᠯ ᠨᠢ ᠡᠵᠡᠨ ᠬᠤᠷᠤᠭ᠎ᠠ ᠬᠤᠰᠢᠭᠤᠨ ᠤ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ ᠨᠠᠷ ᠲᠤ ᠮᠡᠷᠭᠡᠵᠢᠯ ᠤᠨ ᠠᠯᠤᠰ ᠤᠨ ᠬᠠᠷᠠᠯᠲᠠ᠂ ᠦᠢᠯᠡᠳᠦᠯᠭᠡ ᠶᠢᠨ ᠰᠢᠨ᠎ᠡ ᠶᠢ ᠡᠭᠦᠳᠬᠦ ᠪᠠ ᠲᠤᠷᠰᠢᠯᠭ᠎ᠠ ᠶᠢ ᠬᠠᠮᠲᠤᠪᠠᠷ ᠡᠳ᠋ᠯᠡᠬᠦ ᠶᠢ ᠨᠢᠭᠡ ᠴᠣᠭᠴᠠᠵᠢᠭᠤᠯᠤᠭᠰᠠᠨ ᠰᠤᠳᠤᠯᠤᠨ ᠰᠤᠷᠤᠯᠴᠠᠬᠤ ᠲᠠᠪᠴᠠᠩ ᠢ ᠪᠠᠶᠢᠭᠤᠯᠵᠤ᠂ ᠪᠠᠭᠰᠢ ᠶᠢᠨ ᠡᠩᠨᠡᠭᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠪᠣᠯᠪᠠᠰᠤᠷᠠᠯ ᠪᠠ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠡᠵᠡᠨ ᠬᠤᠷᠤᠭ᠎ᠠ ᠬᠤᠰᠢᠭᠤᠨ ᠤ ᠵᠣᠬᠢᠶᠠᠮᠠᠯ ᠣᠶᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ ᠴᠢᠬᠤᠯᠠ ᠨᠢᠭᠡ ᠠᠯᠬᠤᠮ ᠢ ᠠᠯᠬᠤᠭᠰᠠᠨ ᠪᠠᠶᠢᠨ᠎ᠠ᠃                                       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ