| 3 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ ᠶᠢᠨ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠬᠤᠰᠢᠭᠤᠴᠢ ᠭᠧᠨᠧᠷᠠᠯ ᠺᠣᠮᠠᠨᠳ᠋ᠯᠠᠭᠴᠢ᠂ ᠬᠡᠰᠡᠭ ᠮᠤᠵᠢ ᠶᠢᠨ | ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠶ᠃ | ᠰᠦᠨ ᠱᠤᠤ ᠴᠧᠩ ᠬᠡᠯᠡᠭᠰᠡᠨ ᠨᠢ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠳᠤ ᠬᠤᠷᠠᠯᠳᠤᠭᠰᠠᠨ ᠨᠢᠭᠡ ᠤᠳᠠᠭᠠᠨ ᠤ ᠮᠠᠰᠢ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ | ᠫᠢᠩ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠳᠤ ᠲᠠᠯᠪᠢᠭᠰᠠᠨ ᠴᠢᠬᠤᠯᠠ ᠶᠠᠷᠢᠶ᠎ᠠ ᠨᠢ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠪᠡ᠃ | ᠰᠦᠨ ᠱᠤᠤ ᠴᠧᠩ ᠬᠡᠯᠡᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠨᠢᠳᠤᠨᠤᠨ ᠮᠠᠨ ᠤ ᠤᠯᠤᠰ ᠤᠨ ᠬᠥᠭᠵᠢᠯᠲᠡ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠳᠠᠯ ᠳᠣᠣᠷ᠎ᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠵᠢᠯᠲᠠ ᠤᠯᠤᠭᠰᠠᠨ ᠪᠠᠶᠢᠨ᠎ᠠ᠃ ᠡᠨᠡ ᠵᠢᠯ ᠤᠨ ᠤᠯᠤᠰ ᠤᠨ ᠬᠤᠷᠸ᠎ᠠ ᠬᠠᠷᠠᠯᠲᠠ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ | ᠪᠦᠲᠦᠭᠡᠬᠦ ᠢᠯᠡ ᠲᠣᠳᠣ ᠤᠳᠤᠷᠢᠳᠤᠮᠵᠢ ᠶᠢ ᠳᠤᠪᠤᠶᠢᠯᠭᠠᠵᠠᠢ᠂ ᠮᠠᠨ ᠤ ᠤᠯᠤᠰ ᠤᠨ ᠠᠵᠤ ᠠᠬᠤᠢ ᠮᠥᠨ ᠬᠦ ︽ᠥᠪᠡᠷᠮᠢᠴᠡ ᠰᠠᠶᠢᠨ︾ ᠪᠠᠶᠢᠬᠤ ᠪᠣᠯᠤᠨ᠎ᠠ᠃ ᠪᠦᠬᠦ | ᠤᠯᠤᠰ ᠤᠨ ᠪᠠᠶᠢᠳᠠᠯ ᠰᠠᠶᠢᠨ ᠪᠣᠯ ᠮᠠᠨ ᠤ ᠥᠪᠥᠷ ᠮᠣᠩᠭᠤᠯ ᠨᠡᠩ ᠰᠠᠶᠢᠨ ᠪᠣᠯᠤᠨ᠎ᠠ᠃ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠢᠲᠡᠭᠡᠯ | ᠵᠣᠷᠢᠭ ᠢᠶᠠᠨ ᠦᠨᠡᠨ ᠬᠦ ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠤᠨ ᠨᠡᠶᠢᠳᠡᠯᠡᠵᠦ ᠲᠠᠯᠪᠢᠭᠰᠠᠨ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠰᠠᠶᠢᠨ | ᠡᠬᠢᠯᠡᠯᠲᠡ ︾᠂ ︽ᠪᠦᠬᠦ ᠵᠢᠯ ᠤᠨ ᠰᠠᠶᠢᠨ ᠪᠦᠲᠦᠮᠵᠢ︾ ᠶᠢ ᠴᠢᠷᠮᠠᠶᠢᠨ ᠪᠡᠶᠡᠯᠡᠬᠦᠯᠬᠦ ᠬᠤᠶᠠᠷ ᠶᠡᠭᠡ ᠶᠠᠪᠤᠳᠠᠯ ᠢ ᠨᠡᠩ ᠰᠠᠶᠢᠨ ᠪᠡᠶᠡᠯᠡᠭᠦᠯᠬᠦ ᠬᠡᠷᠡᠭᠲᠡᠢ ᠭᠡᠪᠠ᠃ | ᠰᠦᠨ ᠱᠤᠤ ᠴᠧᠩ ᠬᠡᠯᠡᠭᠰᠡᠨ ᠨᠢ᠂ ᠪᠥᠬᠦ ᠤᠯᠤᠰ ᠤᠨ ᠬᠤᠶᠠᠷ ᠬᠤᠷᠠᠯ ᠳᠤ ᠲᠣᠳᠣᠷᠬᠠᠶ ᠲᠣᠭᠲᠠᠭᠠᠭᠰᠠᠨ ᠬᠤᠷᠸ᠎ᠠ ᠲᠥᠷᠥ ᠶᠢᠨ ᠪᠣᠳᠣᠯᠭ᠎ᠠ ᠶᠢᠨ ᠦᠨ᠎ᠡ | ᠥᠷᠲᠡᠭ ᠨᠢ ᠮᠠᠰᠢ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠳᠤ ᠨᠢᠭᠡ ᠭᠤᠤᠯ ᠱᠤᠭᠤᠮ ᠢ ᠲᠤᠭᠤᠰᠢᠯᠠᠭᠤᠯᠵᠣ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠰᠢᠨ᠎ᠡ ᠵᠠᠮ ᠨᠡᠭᠡᠭᠡᠵᠦ ᠳᠤᠮᠳᠠ ᠤᠷᠤᠰᠬᠠᠯ ᠳᠤ ᠣᠷᠣᠬᠤ ᠳᠤ ᠮᠠᠰᠢ ᠠᠰᠢᠭᠲᠠᠶ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠷᠦ᠋ᠢᠬᠠᠨ | ᠬᠥᠳᠡᠯᠦᠯᠴᠡᠵᠦ᠂ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠦᠭᠡ ᠥᠭᠦᠯᠡᠪᠦᠷᠢ ᠶᠢᠨ | ᠳᠣᠲᠣᠷᠠᠬᠢ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠰᠡᠳᠬᠢᠯ ᠳᠡᠯᠪᠢᠨ ᠪᠣᠳᠣᠯᠬᠢᠯᠠᠵᠤ᠂ ᠭᠠᠷᠳᠠᠬᠤ ᠴᠡᠭ ᠢ ᠣᠨᠣᠪᠴᠢᠲᠠᠶ ᠣᠯᠵᠤ᠂ ᠨᠢᠭᠡ ᠠᠴᠠ ᠵᠣᠶᠢᠴᠢᠯᠡᠵᠦ | ᠨᠥᠭᠦᠭᠡ ᠶᠢ ᠠᠭᠤᠳᠠᠯᠬᠤ ᠤᠶᠠᠯᠳᠤᠯ ᠴᠡᠭ ᠢ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ︽ᠵᠣᠭᠤᠰ ᠡᠷᠢᠵᠦ︾᠂ ᠠᠷᠭ᠎ᠠ | ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ︽ᠭᠤᠷᠪᠠᠨ ᠲᠦᠪᠰᠢᠨ︾ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ ᠶᠢᠨ | ᠢᠨᠵᠧᠨᠧᠷᠢᠩ︾ ᠢ ᠬᠡᠷᠡᠭᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ | ᠡᠨᠧᠷᠭᠢ ᠶᠢ ᠲᠦᠷᠭᠡᠨ ᠬᠥᠭᠵᠢᠭᠦᠯᠵᠦ᠂ ᠡᠨᠧᠷᠭᠢ ᠬᠠᠳᠠᠭᠠᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ | ︽ᠣᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ᠬᠠᠪᠤᠷ ᠪᠣᠯᠵᠤ ᠲᠡᠭᠷᠢ ᠲᠤᠯᠠᠭᠠᠷᠠᠮᠠᠭᠴᠠ ᠠᠵᠢᠯ ᠢ ᠰᠠᠶᠢᠲᠤᠷ ᠬᠢᠵᠦ᠂ ᠡᠮᠦᠨ᠎ᠡ ᠠᠴᠠ ᠤᠮᠠᠷᠠᠰᠢ ᠱᠠᠯᠠᠪᠳᠠᠨ ᠲᠡᠶᠢᠨ ᠬᠢᠵᠦ᠂ ᠪᠠᠳᠠᠢ ᠶᠢᠨ ᠵᠢᠷᠠᠨ᠂ ᠲᠩᠷᠢ ᠡᠯᠡᠰᠦ᠂ | ᠤᠯᠠᠭᠠᠨᠪᠤᠬ᠎ᠠ ᠭᠤᠷᠪᠠᠨ ᠶᠡᠭᠡ ᠡᠯᠡᠰᠦ ᠮᠠᠩᠬ᠎ᠠ ᠡᠪᠡᠰᠦ ᠪᠡᠯᠴᠢᠭᠡᠷ ᠤᠨ ᠬᠥᠪᠡᠭᠡ ᠵᠠᠬ᠎ᠠ ᠶᠢ ︽ᠨᠡᠶᠢᠯᠡᠭᠦᠯᠬᠦ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ | ᠭᠤᠤᠯ ᠤᠨ ᠳᠤᠬᠤᠢ ᠶᠢᠨ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠬᠥᠪᠡᠭᠡ | ᠵᠠᠬ᠎ᠠ ᠶᠢ ᠪᠢᠲᠡᠭᠦᠮᠵᠢᠯᠡᠬᠦ ᠣᠶ ᠶᠢᠨ ︽ᠳᠥᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠵᠦ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠠᠬᠢᠴᠠ ᠶᠢ ᠲᠦᠷᠭᠡᠳᠬᠡᠵᠦ᠂ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠨᠡᠩ ᠶᠡᠭᠡ ᠦᠷ᠎ᠡ ᠪᠦᠳᠦᠮᠵᠢ ᠣᠯᠬᠤ | ᠬᠡᠷᠡᠭᠳᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢ ᠥᠴᠦᠬᠡᠨ ᠴᠦ ᠰᠤᠯᠠᠷᠠᠭᠤᠯᠤᠯ ᠦᠭᠡᠢ ᠠᠷᠢᠯᠭᠠᠵᠤ᠂ ᠲᠦᠭᠰᠢᠭᠦᠷᠢ ᠶᠢ ᠦᠷᠭᠦᠯᠵᠢᠯᠡᠨ ᠠᠷᠢᠯᠭᠠᠬᠤ | ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠡᠯ᠎ᠡ | ᠲᠦᠷᠦᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ | ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠤᠯᠢ ᠲᠦᠷᠢᠮ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ | ᠭᠡᠪᠡ᠃ | ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ | ᠡᠤ ᠶᠦᠨ᠂ ᠴᠢᠶᠣᠤ ᠰᠢᠶᠤᠤ ᠵᠢᠶᠦ᠋ᠨ᠂ ᠸᠠᠩ ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ | ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠡᠯ᠎ᠡ ᠪᠠᠯᠭᠠᠰᠤ᠂ ᠬᠤᠰᠢᠭᠤᠨ ᠤ ᠬᠠᠷᠢᠶ᠎ᠠ | ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠵᠢᠴᠢ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ | ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | | |