ᠰᠢᠨᠵᠢᠯᠡᠭᠡ ᠮᠡᠷᠭᠡᠵᠢᠯ ᠨᠢ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/13
      3 ᠳ᠋ᠤᠭᠠᠷ ᠰᠠᠷ᠎ᠠ ᠶᠢᠨ 11 ᠤ ᠡᠳᠦᠷ᠂ ᠡᠵᠡᠨ ᠬᠤᠷᠤᠭ᠎ᠠ ᠬᠤᠰᠢᠭᠤᠨ ᠤ ᠪᠠᠶᠢᠴᠠᠭᠠᠨ ᠰᠢᠯᠭᠠᠬᠤ ᠲᠥᠪ ︽ᠮᠡᠷᠭᠡᠵᠢᠯ ᠢᠶᠠᠷ ᠡᠨᠧᠷᠬᠢ ᠣᠯᠭᠤᠵᠤ ᠶᠠᠰᠤ ᠴᠢᠨᠠᠷ ᠢ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠨᠡᠭᠡᠭᠡᠯᠲᠡᠲᠦ ᠡᠳᠦᠷ ᠤᠨ ᠠᠵᠢᠯᠯᠠᠭ᠎ᠠ ᠦᠷᠨᠢᠬᠦᠯᠪᠡ᠃ ᠪᠥᠬᠦ ᠬᠤᠰᠢᠭᠤᠨ ᠤ 35 ᠢᠳᠡᠭᠡᠨ ᠤᠮᠳᠠᠭᠠᠨ ᠦᠢᠯᠡᠳᠪᠤᠷᠢᠯᠡᠬᠦ ᠠᠵᠤ ᠠᠬᠤᠶᠢᠯᠠᠯ ᠪᠣᠯᠤᠨ ᠵᠢᠵᠢᠭ ᠦᠢᠯᠡᠳᠬᠡᠯ ᠤᠨ ᠭᠠᠵᠠᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠣᠷᠣᠯᠴᠠᠵᠠᠶ᠃        ᠠᠵᠢᠯᠯᠠᠭ᠎ᠠ ᠶᠢᠨ ᠳᠤᠮᠳᠠ᠂ ᠠᠵᠢᠯᠲᠠᠳ ᠤᠯᠤᠰ ᠤᠨ ᠪᠠᠷᠢᠮᠵᠢᠶ᠎ᠠ GB 2760 ᠳᠤ ᠦᠷᠭᠦᠯᠵᠢ ᠲᠣᠬᠢᠶᠠᠯᠳᠤᠳᠠᠭ ᠠᠰᠠᠭᠤᠳᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠦᠢᠯᠡᠳᠪᠤᠷᠢᠯᠡᠵᠤ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠢᠳᠡᠭᠡᠨ ᠤᠮᠳᠠᠭᠠᠨ ᠦᠢᠯᠡᠳᠪᠤᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠤᠨ ᠦᠢᠯᠡᠳᠪᠤᠷᠢᠯᠡᠯ‌ᠡᠵᠡᠩᠨᠡᠯᠲᠡ ᠶᠢᠨ ᠶᠠᠪᠤᠴᠠ ᠳᠠᠬᠢ ᠬᠠᠤᠯᠢ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠪᠠ᠃ ᠢᠳᠡᠭᠡᠨ ᠤᠮᠳᠠᠭᠠᠨ ᠦᠢᠯᠡᠳᠪᠤᠷᠢᠯᠡᠬᠦ ᠠᠵᠤ ᠠᠬᠤᠶᠢᠯᠠᠯ ᠪᠠ ᠵᠢᠵᠢᠭ ᠦᠢᠯᠡᠳᠬᠡᠯ ᠤᠨ ᠲᠥᠯᠥᠭᠡᠯᠡᠭᠴᠢ ᠦᠢᠯᠡᠳᠪᠤᠷᠢᠯᠡᠯ ᠤᠨ ᠶᠠᠪᠤᠴᠠ ᠳᠤ ᠲᠤᠯᠭᠠᠷᠠᠭᠰᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠠᠰᠠᠭᠤᠳᠠᠯ ᠪᠠ ᠣᠳᠣᠬᠠᠨ ᠤ ᠢᠳᠡᠭᠡᠨ ᠤᠮᠳᠠᠭᠠᠨ ᠤ ᠨᠡᠮᠡᠯᠲᠡ ᠡᠳ᠋ ᠢ ᠬᠡᠷᠡᠭᠯᠡᠬᠦ ᠳᠤ ᠠᠩᠬᠠᠷᠬᠤ  ᠵᠤᠶᠢᠯᠡᠰ ᠢ ᠬᠠᠮᠲᠤ ᠪᠠᠷ ᠶᠠᠷᠢᠯᠴᠠᠨ ᠰᠤᠳᠤᠯᠵᠤ᠂ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠬᠡᠷᠬᠢᠨ ᠳᠡᠭᠡᠭᠰᠢᠯᠡᠭᠦᠯᠬᠦ ᠵᠡᠷᠭᠡ ᠠᠰᠠᠭᠤᠳᠠᠯ ᠢ ᠰᠦᠪᠡᠭᠴᠢᠯᠡᠬᠦ ᠶᠢᠨ ᠬᠠᠮᠲᠤ ᠪᠠᠶᠢᠴᠠᠭᠠᠨ ᠰᠢᠯᠭᠠᠬᠤ ᠲᠥᠪ ᠢ ᠲᠣᠭᠤᠷᠢᠨ ᠦᠵᠡᠪᠡ᠃       ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠦᠢᠯᠡᠳᠪᠤᠷᠢᠯᠡᠯ ᠤᠨ ᠬᠦᠢᠯᠬᠡᠬᠡᠨ ᠤ ᠲᠠᠰᠤᠭ ᠤᠨ ᠬᠠᠷᠢᠭᠤᠴᠠᠯᠭᠠᠲᠠᠨ ᠯᠢ ᠶᠦᠩ ᠯᠧ ᠰᠤᠷᠪᠤᠯᠵᠢᠯᠠᠭᠴᠢ ᠳᠤ᠄ ︽ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠣᠯ ᠪᠥᠬᠦ ᠬᠤᠰᠢᠭᠤᠨ ᠤ ᠢᠳᠡᠭᠡᠨ ᠤᠮᠳᠠᠭᠠᠨ ᠤ ᠦᠢᠯᠡᠳᠪᠤᠷᠢᠯᠡᠯ ᠤᠨ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠭᠠᠵᠠᠷ ᠤᠨ ᠢᠳᠡᠭᠡᠨ ᠤᠮᠳᠠᠭᠠᠨ ᠤ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠳᠪᠤᠷᠢᠯᠡᠯ ᠤᠨ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠬᠠᠷᠢᠭᠤᠴᠠᠯᠭᠠᠲᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠤᠬᠠᠮᠰᠠᠷ ᠪᠠ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠦᠢᠯᠡᠳᠪᠤᠷᠢᠯᠡᠯ ᠤᠨ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠭᠠᠵᠠᠷ ᠤᠨ ᠵᠢᠷᠤᠮᠵᠢᠭᠰᠠᠨ ᠦᠢᠯᠡᠳᠪᠤᠷᠢᠯᠡᠯ᠂ ᠡᠷᠡᠭᠦᠯ ᠬᠥᠭᠵᠢᠯᠲᠡ ᠶᠢ ᠠᠬᠢᠭᠤᠯᠬᠤ ᠶᠢᠨ ᠬᠠᠮᠲᠤ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠷᠠᠳ ᠣᠯᠠᠨ ᠢ ᠰᠠᠨᠠᠭ᠎ᠠ ᠠᠮᠤᠷ ᠢᠳᠡᠵᠦ ᠤᠤᠭᠤᠵᠤ ᠪᠤᠯᠬᠤ ᠪᠤᠯᠭᠠᠨ᠎ᠠ︾ ᠬᠡᠪᠠ᠃      ᠡᠵᠡᠨ ᠬᠤᠷᠤᠭ᠎ᠠ ᠬᠤᠰᠢᠭᠤᠨ ᠤ ᠪᠠᠶᠢᠴᠠᠭᠠᠨ ᠰᠢᠯᠭᠠᠬᠤ ᠲᠥᠪ ᠲᠤ 44 ᠲᠤᠰᠬᠠᠶ ᠮᠡᠷᠭᠡᠵᠢᠯ ᠤᠨ ᠠᠵᠢᠯᠲᠠᠨ ᠲᠠᠢ ᠪᠠᠶᠢᠵᠤ᠂ ᠲᠦᠷᠭᠡᠨ ᠪᠠᠶᠢᠴᠠᠭᠠᠬᠤ ᠲᠣᠭᠤᠷᠢᠭ᠂ ᠣᠷᠭᠠᠨᠢᠭ ᠲᠣᠭᠤᠷᠢᠭ᠂ ᠣᠷᠭᠠᠨᠢᠭ ᠪᠤᠰᠤ ᠲᠣᠭᠤᠷᠢᠭ᠂ ᠰᠢᠯᠭᠠᠨ ᠲᠣᠭᠲᠠᠭᠠᠬᠤ ᠲᠣᠭᠤᠷᠢᠭ᠂ ᠮᠢᠺᠷᠣᠪ ᠤᠨ ᠲᠣᠭᠤᠷᠢᠭ ᠵᠡᠷᠭᠡ 5 ᠣᠷᠣᠨ ᠲᠣᠭᠤᠷᠢᠭ ᠲᠠᠢ ᠪᠠᠶᠢᠵᠤ᠂ ᠨᠡᠶᠢᠲᠡ 35 ᠢᠳᠡᠭᠡᠨ ᠤᠮᠳᠠᠭᠠᠨ ᠤ ᠰᠢᠯᠭᠠᠨ ᠪᠠᠶᠢᠴᠠᠭᠠᠯᠲᠠ ᠵᠢᠴᠢ ᠬᠡᠮᠵᠢᠯᠲᠡ ᠶᠢᠨ ᠰᠢᠯᠭᠠᠨ ᠲᠣᠭᠲᠠᠭᠠᠬᠤ ᠴᠢᠳᠠᠮᠵᠢ ᠶᠢᠨ ᠲᠠᠰᠤᠭ ᠲᠠᠢ᠃ ᠪᠥᠬᠦ ᠬᠤᠰᠢᠭᠤᠨ ᠳᠤ ᠨᠡᠶᠢᠲᠡ14 ᠢᠳᠡᠭᠡᠨ ᠤᠮᠳᠠᠭᠠᠨ ᠤ ᠠᠮᠤᠷ ᠲᠦᠪᠰᠢᠨ ᠤ ᠲᠦᠷᠭᠡᠨ ᠪᠠᠶᠢᠴᠠᠭᠠᠯᠲᠠ ᠶᠢᠨ ᠥᠷᠲᠡᠭᠡ ᠪᠠᠶᠢᠭᠤᠯᠤᠭᠰᠠᠨ ᠪᠦᠭᠡᠳ ᠪᠠᠰᠠ ᠨᠢᠭᠡᠨ ᠰᠢᠯᠵᠢᠮᠡᠯ ᠲᠦᠷᠭᠡᠨ ᠪᠠᠶᠢᠴᠠᠭᠠᠯᠲᠠ ᠶᠢᠨ ᠲᠡᠷᠭᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠰᠤᠷᠭᠠᠭᠤᠯᠢ ᠳᠤ ᠣᠷᠣᠭᠤᠯᠬᠤ᠂ ᠵᠠᠬ᠎ᠠ ᠳᠡᠯᠭᠡᠭᠦᠷ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠷᠠᠯᠵᠢᠶ᠎ᠠ ᠬᠤᠳᠠᠯᠳᠤᠭ᠎ᠠ ᠳᠤ ᠣᠷᠣᠭᠤᠯᠬᠤ᠂ ᠴᠤᠭᠯᠠᠭ᠎ᠠ ᠮᠠᠶᠢᠮᠠᠶ ᠳᠤ ᠣᠷᠣᠭᠤᠯᠬᠤ︾ ᠶᠢ ᠪᠡᠶᠡᠯᠡᠬᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠲᠦᠷᠭᠡᠨ ᠪᠠᠶᠢᠴᠠᠭᠠᠯᠲᠠ ᠶᠢᠨ ᠠᠵᠢᠯ ᠢ ᠡᠳᠦᠷ ᠪᠦᠷᠢ ᠪᠠᠶᠢᠴᠠᠭᠠᠵᠤ᠂ ᠴᠠᠭ ᠢᠮᠠᠭᠲᠠ ᠪᠠᠶᠢᠴᠠᠭᠠᠬᠤ ᠶᠢ ᠪᠠᠶᠠᠯᠡᠬᠦᠯᠵᠦ ᠪᠠᠶᠢᠨ᠎ᠠ᠃       ᠡᠵᠡᠨ ᠬᠤᠷᠤᠭ᠎ᠠ ᠬᠤᠰᠢᠭᠤᠨ ᠤ ᠰᠢᠯᠭᠠᠨ ᠪᠠᠶᠢᠴᠠᠭᠠᠬᠤ ᠲᠥᠪ ᠤᠨ ᠡᠷᠬᠢᠯᠡᠭᠴᠢ ᠵᠠᠩ ᠼᠠᠢ ᠰᠢᠶᠠ ᠰᠤᠷᠪᠤᠯᠵᠢᠯᠠᠭᠴᠢ ᠳᠤ᠄ ︽ᠢᠳᠡᠭᠡᠨ ᠤ ᠲᠥᠷᠥᠯ ᠵᠤᠶᠢᠯ ᠢ ᠲᠦᠷᠭᠡᠨ ᠪᠠᠶᠢᠴᠠᠭᠠᠬᠤ ᠥᠷᠲᠡᠭᠡ ᠨᠢ ᠥᠷᠭᠡᠨ ᠣᠯᠠᠨ ᠠᠷᠠᠳ ᠲᠦᠮᠡᠨ ᠤ ᠡᠳᠦᠷ ᠲᠤᠲᠤᠮ ᠤᠨ ᠬᠡᠷᠡᠭᠯᠡᠭᠡᠨ ᠤ ᠢᠳᠡᠰᠢᠨ ᠨᠣᠭᠤᠭ᠎ᠠ᠂ ᠵᠢᠮᠢᠰ᠂ ᠠᠮᠤ ᠪᠤᠳᠠᠭ᠎ᠠ᠂ ᠮᠢᠬ᠎ᠠ ᠲᠣᠰᠣ ᠵᠢᠴᠢ ᠴᠠᠭᠠᠨ ᠢᠳᠡᠭᠡ ᠵᠡᠷᠭᠡ ᠶᠢ ᠪᠠᠶᠢᠴᠠᠭᠠᠬᠤ ᠪᠠᠷ ᠭᠤᠤᠯ ᠪᠤᠯᠭᠠᠨ᠂ ᠲᠠᠷᠢᠶᠠᠨ ᠡᠮ ᠤᠨ ᠦᠯᠡᠳᠡᠭᠳᠡᠯ᠂ ᠮᠧᠲ᠋ᠢᠯ ᠠᠯᠳᠧᠭᠢᠳ᠋᠂ ᠳᠤᠲᠠᠭᠤ ᠠᠽᠣᠲ ᠬᠦᠴᠢᠯ ᠤᠨ ᠳᠠᠪᠤᠰᠤ᠂ ᠮᠠᠯ ᠤᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ᠂ ᠢᠯᠵᠢᠷᠡᠬᠦ ᠶᠢ ᠰᠡᠷᠭᠡᠶᠢᠯᠡᠬᠦ ᠡᠳ᠋ ᠵᠡᠷᠭᠡ 160 ᠭᠠᠷᠤᠶ ᠵᠤᠶᠢᠯ ᠳᠤ ᠰᠢᠯᠭᠠᠨ ᠪᠠᠶᠢᠴᠠᠭᠠᠯᠳᠠ ᠬᠢᠵᠤ᠂ ᠬᠢᠷᠢ ᠲᠡᠩᠴᠡᠭᠦ ᠥᠬᠡᠶ ᠢᠳᠡᠭᠡᠨ ᠤᠮᠳᠠᠭᠠᠨ ᠢ ᠴᠠᠭ ᠲᠤᠬᠠᠶ ᠳᠤᠨᠢ ᠰᠢᠭᠰᠢᠨ ᠪᠠᠶᠢᠴᠠᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠵᠤ ᠪᠠᠶᠢᠨ᠎ᠠ︾ ᠬᠡᠪᠡ᠃       ᠣᠶᠢᠯᠠᠭᠠᠭᠰᠠᠨ ᠢᠶᠠᠷ᠂ ᠰᠢᠯᠭᠠᠨ ᠪᠠᠶᠢᠴᠠᠭᠠᠯᠳᠠ ᠬᠢᠬᠦ ᠳᠤ ᠰᠦᠢᠳᠬᠡᠯ ᠬᠤᠷᠢᠶᠠᠬᠤ ᠥᠬᠡᠶ ᠪᠠᠶᠢᠵᠤ᠂ ᠳᠠᠷᠤᠶ ᠪᠠᠶᠢᠴᠠᠭᠠᠨ ᠳᠠᠷᠤᠶ ᠳᠤᠨᠢ ᠶᠠᠪᠤᠨ᠎ᠠ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠣᠬᠤᠷ ᠮᠡᠳᠡᠭᠡ ᠪᠠᠷ ᠲᠤᠬᠠᠶ ᠶᠢᠨ ᠬᠥᠮᠦᠨ ᠳᠤ ᠮᠡᠳᠡᠭᠳᠡᠨ᠎ᠡ᠂ ᠦᠷ᠎ᠡ ᠳ᠋ᠦᠩ ᠨᠢ ᠭᠡᠷᠪᠡ ᠠᠷᠭ᠎ᠠ ᠴᠢᠨᠠᠷ ᠢᠯᠡᠷᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠵᠦ ᠰᠢᠢᠳᠪᠤᠷᠢᠯᠡᠬᠦᠯᠬᠦ ᠪᠤᠶᠤ ᠢᠳᠬᠠᠵᠤ᠂ ᠳᠤᠤᠷ᠎ᠠ ᠪᠠᠨ ᠥᠪᠡᠷᠲᠡᠭᠡᠨ ᠤᠰᠠᠳᠬᠠᠬᠤ ᠪᠤᠯᠣᠨ᠎ᠠ᠃       ᠪᠠᠶᠢᠴᠠᠭᠠᠨ ᠰᠢᠯᠭᠠᠬᠤ ︽ᠰᠢᠭᠤᠳ ᠨᠡᠪᠲᠡᠷᠡᠬᠦ ᠲᠡᠷᠭᠡ︾ ᠶᠢ ᠨᠡᠪᠲᠡᠷᠡᠭᠦᠯᠵᠦ᠂ ᠠᠮᠤᠷ ᠲᠦᠪᠰᠢᠨ ᠤ ᠦᠢᠯᠡᠴᠢᠯᠡᠭᠡ ᠶᠢᠨ ︽ᠭᠦᠶᠦᠯᠭᠡᠬᠦ ᠥᠬᠡᠶ︾ ᠪᠠᠶᠢᠬᠤ ᠶᠢ ᠪᠡᠶᠡᠯᠡᠬᠦᠯᠪᠡ᠃ ᠤᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠪᠠᠷ ᠬᠠᠷᠠᠯᠲᠠ ᠪᠠᠨ ᠪᠤᠯᠭᠠᠨ᠂ ︽ᠭᠤᠷᠪᠠ ᠶᠢ ᠴᠢᠩᠭᠠᠳᠬᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ ᠤᠨᠢᠨ ᠳᠡᠭᠡᠷ᠎ᠡ ᠨᠢ ᠬᠦᠴᠤᠯᠡᠵᠦ᠂ ᠰᠠᠭᠤᠷᠢ ᠲᠥᠬᠦᠭᠡᠷᠦᠮᠵᠢ ᠶᠢᠨ ᠣᠶᠤᠨ ᠤᠬᠠᠭᠠᠨ ᠢ ᠳᠡᠭᠡᠭᠰᠢᠯᠡᠭᠦᠯᠬᠦ ᠶᠢ ᠴᠢᠩᠭᠠᠳᠬᠠᠵᠤ᠂ ︽ᠳᠤᠯᠠᠭᠠᠨ ᠬᠤᠲᠠ ᠶᠢᠨ ᠰᠠᠨᠠᠭ᠎ᠠ ᠠᠮᠤᠷ ᠢᠳᠡᠭᠡᠨ ᠤᠮᠳᠠᠭᠠᠨ︾ ᠤ ᠢᠯᠡ ᠦᠵᠡᠭᠳᠡᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠪᠠᠶᠢᠴᠠᠭᠠᠨ ᠰᠢᠯᠭᠠᠬᠤ ᠲᠥᠪ ᠤᠨ ᠲᠥᠬᠦᠭᠡᠷᠦᠮᠵᠢ ᠶᠢ ᠳᠠᠪᠲᠠᠨ ᠣᠷᠣᠯᠠᠭᠤᠯᠬᠤ ᠵᠢᠴᠢ ᠲᠦᠷᠭᠡᠨ ᠪᠠᠶᠢᠴᠠᠭᠠᠬᠤ ᠥᠷᠲᠡᠭᠡ ᠶᠢᠨ ᠪᠥᠬᠦ ᠣᠷᠣᠨ ᠪᠦᠰᠡ ᠪᠠᠷ ᠴᠢᠭ ᠪᠠᠶᠢᠷᠢᠯᠠᠭᠤᠯᠤᠨ᠂ ᠪᠦᠬᠦ ᠬᠡᠯᠬᠢᠶᠡᠨ ᠤ ᠪᠢᠲᠡᠭᠦᠦ ᠴᠠᠭᠠᠷᠢᠭ ᠤᠨ ᠬᠢᠨᠠᠯᠲᠠ ᠬᠠᠮᠢᠶᠠᠷᠤᠯᠲᠠ᠂ ᠱᠠᠲᠤ ᠲᠥᠷᠥᠯ ᠬᠤᠪᠢᠶᠠᠵᠤ ᠣᠨᠣᠪᠴᠢᠲᠠᠶ ᠬᠠᠮᠢᠶᠠᠷᠤᠨ ᠡᠵᠡᠮᠳᠡᠬᠦ ᠶᠢ ᠠᠬᠢᠭᠤᠯᠬᠤ ᠶᠢᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ︾ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠨᠢᠬᠦᠯᠵᠦ᠂ ᠪᠠᠷᠢᠮᠵᠢᠶ᠎ᠠ ᠲᠠᠢ ᠤᠬᠠᠭᠤᠯᠤᠨ ᠲᠤᠭᠤᠰᠢᠯᠠᠭᠤᠯᠬᠤ + ᠮᠡᠷᠭᠡᠵᠢᠯ ᠤᠨ ᠵᠢᠯᠣᠭᠤᠳᠣᠯᠭ᠎ᠠ + ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠭᠤᠷᠪᠠᠨ ᠬᠡᠮᠵᠢᠯᠳᠦ ᠴᠢᠳᠠᠮᠵᠢ ᠪᠠᠷ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠬᠤ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠪᠣᠯᠤᠨ ᠠᠵᠤ ᠦᠢᠯᠡᠰ ᠤᠨ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠠᠶᠠᠯᠠᠬᠦᠯᠵᠦ᠂ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠢᠶᠠᠷ ᠭᠤᠤᠯ ᠬᠠᠷᠢᠭᠤᠴᠠᠯᠭ᠎ᠠ ᠪᠣᠯᠭᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ ᠬᠠᠮᠲᠤ ᠪᠠᠷ ᠵᠠᠰᠠᠬᠤ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠤᠭᠰᠠᠨ ᠪᠠᠶᠢᠨ᠎ᠠ᠃                 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ