| 3 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠣ ᠶᠦᠨ ᠠᠯᠳᠠᠨᠰᠢᠷᠡᠬᠡᠳᠤ ᠪᠠᠯᠭᠠᠰᠤ᠂ ᠡᠵᠡᠨ ᠬᠤᠷᠤᠭ᠎ᠠ ᠪᠠᠯᠭᠠᠰᠤ᠂ | ᠬᠤᠨᠢᠴᠢᠡᠭᠤᠤᠯ ᠪᠠᠯᠭᠠᠰᠤ᠂ ᠰᠤᠪᠤᠷᠭ᠎ᠠ ᠪᠠᠯᠭᠠᠰᠤᠨ ᠳᠤ ᠣᠢ ᠰᠢᠭᠤᠶ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠪᠣᠷᠣ ᠵᠢᠷᠤᠭ᠂ ᠭᠤᠤᠯ ᠮᠥᠷᠡᠨ ᠨᠠᠭᠤᠷ | ᠴᠥᠭᠦᠷᠥᠮ ᠤᠨ ︽ᠳᠥᠷᠪᠡᠨ ᠲᠣᠷ᠎ᠠ ᠪᠠᠷ︾᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠪᠠ ᠯᠠᠪᠳᠠᠭᠤᠨ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠲᠥᠷᠥᠯ ᠤᠨ ᠠᠰᠠᠭᠤᠳᠠᠯ ᠢ ᠰᠢᠨᠵᠢᠯᠡᠬᠦ | ᠤᠬᠠᠭᠠᠨᠴᠢ ᠪᠠᠷ ᠴᠡᠭᠴᠡᠯᠡᠨ ᠰᠠᠶᠢᠵᠢᠷᠠᠭᠤᠯᠬᠤ᠂ ᠬᠠᠤᠯᠢ ᠶᠣᠰᠣᠭᠠᠷ ᠴᠡᠭᠴᠡᠯᠡᠨ ᠰᠠᠶᠢᠵᠢᠷᠠᠭᠤᠯᠬᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠶ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠦ᠋ ᠶᠦᠨ ᠬᠡᠯᠡᠭᠰᠡᠨ ᠨᠢ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠡᠪᠡᠰᠦ ᠪᠡᠯᠴᠢᠭᠡᠷ ᠢ ᠬᠠᠮᠠᠭᠠᠯᠠᠬᠤ ᠬᠠᠲᠠᠭᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠦ ᠲᠠᠯ᠎ᠠ ᠪᠠᠷ᠂ ᠤᠯᠠᠨ ᠬᠠᠷᠠᠭᠠᠰᠤ ᠠᠴᠠ ᠬᠠᠤᠯᠢ ᠶᠣᠰᠣᠭᠠᠷ ᠭᠠᠵᠠᠷ ᠰᠢᠷᠣᠶ ᠬᠡᠷᠡᠭᠯᠡᠬᠦ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠣᠯᠠᠨ ᠲᠦᠮᠡᠨ ᠤ ᠬᠠᠤᠯᠢ ᠲᠣᠭᠲᠠᠭᠠᠯ ᠶᠣᠰᠣᠭᠠᠷ ᠭᠠᠵᠠᠷ ᠰᠢᠷᠣᠶ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ᠂ | ᠨᠢᠭᠡ ᠶᠢ ᠪᠠᠷᠢᠮᠵᠢᠶ᠎ᠠ ᠳᠤ ᠬᠦᠷᠭᠡᠵᠦ᠂ ᠨᠢᠭᠡ ᠶᠢ ᠪᠠᠬᠢᠵᠢᠭᠦᠯᠬᠦ ᠶᠢ ᠦᠨᠡᠨ ᠬᠦ ᠪᠡᠶᠡᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ | ᠬᠠᠷᠢᠭᠤᠴᠠᠯᠭ᠎ᠠ ᠪᠠᠨ ᠬᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ︽ᠭᠤᠤᠯ ᠮᠥᠷᠡᠨ ᠤ ᠳᠠᠷᠤᠭ᠎ᠠ ᠶᠢᠨ ᠲᠦᠷᠢᠮ︾ ᠤᠨ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠳᠣᠪᠤᠶᠢᠯᠭᠠᠨ᠂ ᠰᠢᠰᠲ᠋ᠧᠮ ᠲᠠᠢ ᠵᠠᠰᠠᠵᠤ᠂ ︽ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠮᠠᠯᠲᠠᠬᠤ᠂ | ᠳᠤᠷ᠎ᠠ ᠪᠠᠷ ᠡᠵᠡᠯᠡᠬᠦ᠂ ᠳᠤᠷ᠎ᠠ ᠪᠠᠷ ᠪᠠᠶᠢᠭᠤᠯᠬᠤ︾ ᠵᠡᠷᠭᠡ ᠲᠣᠪᠤᠶᠢᠮ᠎ᠠ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠤᠷᠢᠯᠡᠵᠦ᠂ ᠨᠢᠭᠡ ᠶᠢ ᠬᠦᠴᠦᠨ ᠥᠬᠡᠶ | ᠪᠤᠯᠭᠠᠨ᠂ ᠪᠥᠬᠦ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ | ᠬᠡᠷᠡᠭᠲᠡᠶ᠃ ᠨᠢᠭᠡ ᠠᠴᠠ ᠨᠥᠭᠦᠭᠡ ᠶᠢ ᠵᠤᠶᠢᠴᠢᠯᠡᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠬᠤ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠢ ᠰᠡᠷᠭᠡᠶᠢᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠪᠣᠳᠠᠲᠠᠶ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠠᠰᠠᠭᠤᠳᠠᠯ ᠳᠠᠬᠢᠨ ᠢᠯᠡᠷᠡᠬᠦ ᠥᠬᠡᠶ᠂ ᠴᠡᠭᠴᠡᠯᠡᠨ ᠰᠠᠶᠢᠵᠢᠷᠠᠭᠤᠯᠤᠯᠲᠠ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ | ᠬᠡᠰᠡᠨ ᠪᠠᠶᠢᠨ᠎ᠠ᠃ | ᠬᠤᠰᠢᠭᠤᠨ ᠤ ᠤᠳᠤᠷᠢᠳᠤᠯᠭ᠎ᠠ ᠯᠢᠦ ᠰᠢᠶᠤᠤ ᠳ᠋ᠦᠩ᠂ ᠸᠠᠩ ᠬᠠᠢ ᠹᠧᠩ᠂ ᠵᠧᠦ ᠯᠢ ᠮᠢᠩ ᠵᠢᠴᠢ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | |