| ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ | ᠬᠢᠭᠡᠳ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠣᠬᠢᠷᠠᠭᠤᠯᠤᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠠᠵᠢᠯᠯᠠᠭ᠎ᠠ ᠳᠤ ᠬᠤᠰᠢᠭᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠬᠠᠷᠢᠭᠤᠴᠠᠭᠰᠠᠨ ᠰᠤᠷᠭᠠᠭᠤᠯᠢ ᠪᠠᠶᠢᠴᠠᠭᠠᠭᠴᠢ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠭᠠᠭᠠᠴᠢᠯᠠᠨ ᠬᠠᠷᠢᠭᠤᠴᠠᠵᠤ ᠪᠠᠶᠢᠭ᠎ᠠ ᠬᠠᠷᠢᠭᠤᠴᠠᠯᠭᠠᠲᠠᠨ᠂ ᠠᠵᠢᠯ ᠠᠴᠠ ᠪᠠᠨ ᠠᠮᠠᠷᠠᠭᠰᠠᠨ ᠪᠠᠭᠰᠢ ᠶᠢᠨ | ᠲᠥᠯᠥᠭᠡᠯᠡᠭᠴᠢ᠂ ᠠᠵᠢᠯ ᠤᠨ ᠪᠠᠶᠢᠷᠢᠨ ᠳᠤ ᠪᠠᠨ ᠪᠠᠶᠢᠭ᠎ᠠ ᠪᠠᠭᠰᠢ ᠶᠢᠨ ᠲᠥᠯᠥᠭᠡᠯᠡᠭᠴᠢ ᠵᠢᠴᠢ ᠰᠤᠷᠭᠠᠭᠤᠯᠢ ᠶᠢᠨ ᠬᠤᠭᠤᠯᠠ ᠤᠮᠳᠠ ᠳᠤ ᠬᠢᠨᠠᠯᠲᠠ ᠲᠠᠯᠪᠢᠬᠤ ᠬᠡᠷ ᠤᠨ | ᠠᠬᠠᠮᠠᠳ ᠤᠨ ᠵᠥᠪᠯᠡᠯ ᠤᠨ ᠪᠥᠬᠦ ᠭᠡᠰᠢᠬᠦᠳ ᠢ ᠤᠷᠢᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠬᠢᠭᠡᠳ ᠬᠤᠭᠤᠯᠠ ᠤᠮᠳᠠ ᠶᠢᠨ | ᠵᠠᠷᠤᠳᠠᠯ ᠤᠨ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠵᠢᠯᠣᠭᠤᠳᠴᠤ᠂ ᠬᠤᠭᠤᠯᠠᠨ ᠬᠡᠷ ᠤᠨ ᠬᠤᠭᠤᠯᠠ ᠬᠤᠪᠢᠶᠠᠭᠰᠠᠨ ᠪᠠᠶᠢᠳᠠᠯ᠂ | ᠠᠵᠢᠯᠯᠠᠬᠤ ᠲᠠᠰᠤᠭ ᠤᠨ ᠠᠷᠢᠭᠤᠨ ᠴᠡᠪᠡᠷ ᠬᠢᠭᠡᠳ ᠠᠵᠢᠯᠯᠠᠬᠤ ᠶᠠᠪᠤᠴᠠ ᠶᠢᠨ ᠵᠢᠷᠤᠮᠵᠢᠯᠳᠤ ᠴᠢᠨᠠᠷ᠂ ᠨᠣᠭᠤᠭ᠎ᠠ ᠶᠢᠨ ᠵᠦᠢᠯ ᠢ ᠵᠣᠬᠢᠴᠠᠭᠤᠯᠬᠤ᠂ ᠥᠯᠢᠭᠡᠷ ᠦᠯᠡᠳᠡᠭᠡᠬᠦ᠂ | ᠠᠷᠢᠭᠤᠳᠬᠠᠬᠤ ᠵᠢᠴᠢ ᠬᠠᠯᠠᠭᠤᠨ ᠤ ᠬᠡᠮᠵᠢᠶ᠎ᠡ᠂ ᠪᠠᠷ᠎ᠠ ᠪᠤᠯᠵᠤ ᠬᠤᠭᠤᠯᠠᠯᠠᠬᠤ ᠵᠡᠷᠭᠡ ᠪᠦᠬᠦ ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠪᠠ᠃ | ᠲᠣᠰ ᠤᠳᠠᠭᠠᠨ ᠤ ᠠᠵᠢᠯᠯᠠᠭ᠎ᠠ ᠳᠤ ᠬᠤᠭᠤᠯᠠᠨ ᠬᠡᠷ ᠤᠨ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠨᠢ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠢᠳᠡᠭᠡᠨ ᠤ ᠠᠮᠤᠷ ᠲᠦᠪᠰᠢᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦ | ᠲᠠᠯᠪᠢᠭᠰᠠᠨ ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠨᠡᠭᠡᠭᠡᠯᠲᠡᠲᠦ ᠣᠪᠣᠷ ᠢᠶᠠᠷ ᠬᠢᠨᠠᠯᠲᠠ ᠶᠢ ᠦᠷᠭᠦᠯᠵᠢᠯᠡᠨ ᠬᠦᠯᠢᠶᠡᠵᠦ᠂ ᠡᠯ᠎ᠡ | ᠲᠠᠯ᠎ᠠ ᠶᠢᠨ ᠬᠢᠨ ᠤ ᠣᠶᠤᠨ ᠤᠬᠠᠭᠠᠨ ᠢ ᠬᠤᠷᠠᠮᠳᠤᠭᠤᠯᠤᠨ᠂ ᠬᠤᠭᠤᠯᠠᠨ ᠬᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠠᠭᠰᠢ ᠰᠤᠷᠤᠭᠴᠢᠳ ᠲᠤ ᠨᠠᠩ ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠠᠮᠲᠠᠲᠠᠶ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠣᠷᠴᠢᠨ | ᠲᠣᠭᠤᠷᠢᠨ ᠢ ᠪᠣᠶ ᠪᠣᠯᠭᠠᠵᠤ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠵᠣᠯ ᠵᠢᠷᠭᠠᠯ︾ ᠢ ᠰᠠᠬᠢᠨ ᠬᠠᠮᠠᠭᠠᠯᠠᠬᠤ ᠪᠠᠷ ᠪᠠᠶᠢᠨ᠎ᠠ᠃ | | |