| ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠨᠤᠤᠯᠤᠭᠤᠷ ᠤᠨ ᠢᠮᠠᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠴᠠᠭᠠᠨ | ᠰᠠᠷ᠎ᠠ ᠶᠢᠨ ᠳᠠᠷᠠᠭᠠᠬᠢ ᠠᠩᠬᠠᠨ ᠤ ᠰᠣᠯᠢᠯᠴᠠᠭ᠎ᠠ ᠪᠠᠨ ᠤᠭᠳᠤᠨ ᠠᠪᠴᠢᠷᠠᠯ᠎ᠠ᠃ | ᠰᠤᠪᠤᠷᠭ᠎ᠠ ᠪᠠᠯᠭᠠᠰᠤ ᠪᠣᠯ ︽ᠮᠡᠩᠬᠡ︾ ᠨᠤᠤᠯᠤᠭᠤᠷ ᠤᠨ ᠢᠮᠠᠭᠠᠨ ᠤ ᠤᠤᠯ ᠭᠠᠷᠤᠯᠲᠠ ᠶᠢᠨ ᠭᠠᠵᠠᠷ ᠪᠠᠶᠢᠵᠤ᠂ ᠮᠠᠰᠢ ᠤᠯᠠᠨ ᠲᠡᠵᠢᠭᠡᠨ ᠦᠷᠡᠵᠢᠬᠦᠯᠬᠦ ᠡᠷᠦᠬᠡ | ᠬᠤᠶᠢᠨ᠎ᠠ ᠬᠤᠶᠢᠨ᠎ᠠ ᠠᠴᠠ ᠪᠠᠨ ᠬᠤᠳᠠᠯᠳᠤᠨ ᠠᠪᠬᠤ ᠪᠠᠷ ᠢᠷᠡᠵᠡᠭᠡᠨ᠂ ᠰᠤᠪᠤᠷᠭ᠎ᠠ ᠪᠠᠯᠭᠠᠰᠤ ᠶᠢᠨ ᠨᠤᠤᠯᠤᠭᠤᠷ ᠤᠨ ᠢᠮᠠᠭᠠᠨ ᠤ ᠠᠷᠠᠯᠵᠢᠶᠠᠨ ᠤ ᠵᠠᠬ᠎ᠠ ᠶᠢ ᠬᠦᠭᠵᠢᠶᠡᠨ | ᠲᠠᠢ ᠪᠣᠯᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠤᠳᠠᠭ᠎ᠠ 400 ᠭᠠᠷᠤᠶ ᠨᠤᠤᠯᠤᠭᠤᠷ ᠤᠨ ᠢᠮᠠᠭ᠎ᠠ ᠶᠢ ᠰᠤᠪᠤᠷᠭ᠎ᠠ ᠪᠠᠯᠭᠠᠰᠤᠨ ᠤ ᠨᠤᠤᠯᠤᠭᠤᠷ ᠤᠨ ᠢᠮᠠᠭᠠᠨ ᠤ ᠠᠷᠠᠯᠵᠢᠶᠠᠨ ᠤ | ᠲᠠᠯᠠᠪᠠᠢ ᠳᠤ ᠤᠷᠤᠭᠤᠯᠤᠨ᠂ ᠲᠤᠬᠠᠶ ᠶᠢᠨ ᠲᠠᠯᠠᠪᠠᠢ ᠳᠤ ᠠᠷᠠᠯᠵᠢᠶ᠎ᠠ ᠪᠦᠳᠤᠭ᠍ᠰᠡᠨ ᠨᠢ 300 ᠲᠤᠯᠤᠭᠠᠢ ᠳᠤ ᠬᠦᠷᠴᠤ᠂ ᠶᠡᠷᠦᠩᠬᠡᠶ ᠠᠷᠠᠯᠵᠢᠶᠠᠨ ᠤ ᠦᠷᠳᠡᠭ ᠨᠢ 117 | ᠲᠦᠮᠡᠨ ᠲᠥᠭᠦᠷᠢᠭ ᠪᠤᠯᠵᠤ᠂ ᠨᠤᠤᠯᠤᠭᠤᠷ ᠤᠨ ᠢᠮᠠᠭ᠎ᠠ ᠨᠢᠭᠡᠪᠦᠷᠢ ᠶᠢᠨ ᠳᠤᠮᠳᠠᠴᠢ ᠠᠷᠠᠯᠵᠢᠶᠠᠨ ᠤ ᠦᠷᠳᠡᠭ ᠨᠢ ᠪᠠᠷᠤᠭ 3900 ᠲᠥᠭᠦᠷᠢᠭ ᠪᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠰᠤᠪᠤᠷᠭ᠎ᠠ ᠪᠠᠯᠭᠠᠰᠤᠨ ᠤ ᠨᠤᠤᠯᠤᠭᠤᠷ ᠤᠨ ᠢᠮᠠᠭᠠᠨ ᠤ ᠠᠷᠠᠯᠵᠢᠶᠠᠨ ᠤ ᠵᠠᠬ᠎ᠠ ᠳᠤ ᠬᠠᠲᠠᠭᠤ ᠲᠤᠨᠤᠭ ᠤᠨ ᠪᠠᠶᠢᠭᠤᠯᠤᠯᠲᠠ ᠶᠢ | ᠴᠢᠩᠭᠠᠳᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ᠂ ᠠᠷᠠᠯᠵᠢᠶᠠᠴᠢᠨ ᠳᠤ ᠨᠡᠩ ᠳᠥᠭᠦᠮ ᠳᠥᠲᠡ᠂ | ᠲᠠᠭᠠᠯᠠᠮᠵᠢᠲᠠᠢ᠂ ᠲᠦᠷᠭᠡᠨ ᠠᠷᠠᠯᠵᠢᠶᠠᠨ ᠤ ᠣᠷᠴᠢᠨ ᠲᠣᠭᠤᠷᠢᠨ ᠢ ᠬᠠᠩᠭᠠᠬᠤ ᠪᠠᠷ ᠪᠠᠶᠢᠨ᠎ᠠ᠃ | |