ᠡᠵᠡᠨ ᠬᠤᠷᠤᠭ᠎ᠠ ᠬᠤᠰᠢᠭᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠴᠢᠬᠤᠯᠠᠴᠢᠯᠠᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/3/16
      ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠥᠯᠥᠪᠯᠡᠭᠡ︾᠎ ᠶᠢᠨ ᠱᠠᠭᠠᠷᠳᠠᠯᠭ᠎ᠠ ᠶᠣᠰᠣᠭᠠᠷ᠂ ᠠᠮᠢᠲᠠᠨ ᠤ ᠬᠢᠵᠢᠭ ᠡᠪᠡᠳᠴᠢᠨ ᠤ ᠳᠡᠯᠭᠡᠷᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠮᠢᠲᠠᠨ ᠤ ᠬᠢᠵᠢᠭ ᠡᠪᠡᠳᠴᠢᠨ ᠤ ᠡᠭᠦᠰᠬᠦ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠠᠮᠢᠲᠠᠨ ᠤ ᠬᠢᠵᠢᠭ ᠡᠪᠡᠳᠴᠢᠨ ᠢ ᠴᠡᠪᠡᠷᠰᠢᠬᠦᠯᠬᠦ ᠲᠠᠯᠠᠪᠠᠢ ᠪᠠ ᠠᠳᠤᠭᠤᠨ ᠤ ᠬᠡᠭᠡᠯ ᠬᠠᠶᠠᠬᠤ ᠰᠠᠯᠮᠤᠨᠧᠯ ᠪᠠᠺᠲ᠋ᠧᠷᠢ ᠶᠢᠨ ᠥᠯᠢᠭᠡᠷ ᠡᠳ᠋ ᠢ ᠴᠤᠭᠯᠠᠭᠤᠯᠬᠤ ᠵᠡᠷᠭᠡ ᠠᠵᠢᠯ ᠢ ᠥᠷᠨᠢᠭᠦᠯᠪᠡ᠃      ᠲᠣᠰ ᠤᠳᠠᠭᠠᠨ ᠤ ᠬᠢᠨᠠᠨ ᠬᠡᠮᠵᠢᠯᠲᠡ ᠶᠢᠨ ᠥᠯᠢᠭᠡᠷ ᠠᠪᠬᠤ ᠠᠵᠢᠯ ᠳᠤ ᠴᠡᠪᠡᠷᠰᠢᠭᠦᠯᠬᠦ ᠲᠠᠯᠠᠪᠠᠶ ᠳᠤ ᠨᠡᠶᠢᠲᠡ 50 ᠬᠤᠪᠢ ᠴᠢᠰᠤᠨ ᠴᠠᠶᠢᠪᠠᠩ ᠤᠨ ᠥᠯᠢᠭᠡᠷ ᠡᠳ᠋ ᠴᠤᠭᠯᠠᠭᠤᠯᠵᠤ᠂ ᠠᠳᠤᠭᠤᠨ ᠲᠠᠯᠠᠪᠠᠶ ᠳᠤ ᠨᠡᠶᠢᠲᠡ 25 ᠬᠤᠪᠢ ᠴᠢᠰᠤᠨ ᠴᠠᠶᠢᠪᠠᠩ ᠤᠨ ᠥᠯᠢᠭᠡᠷ ᠡᠳ᠋ ᠪᠠ 25 ᠬᠤᠪᠢ ᠤᠮᠠᠢ ᠶᠢᠨ ᠥᠯᠢᠭᠡᠷ ᠡᠳ᠋ ᠴᠤᠭᠯᠠᠭᠤᠯᠤᠭᠰᠠᠨ ᠪᠠᠶᠢᠨ᠎ᠠ᠃       ᠦᠯᠢᠭᠡᠷ ᠠᠪᠬᠤ ᠶᠠᠪᠤᠴᠠ ᠳᠤ᠂ ᠠᠵᠢᠯᠲᠠᠳ ᠲᠡᠵᠢᠭᠡᠨ ᠦᠷᠡᠵᠢᠭᠦᠯᠬᠦ  ᠡᠷᠦᠬᠡ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠢᠳᠡᠪᠬᠢᠲᠡᠢ ᠤᠬᠠᠭᠤᠯᠤᠨ ᠲᠦᠭᠡᠮᠡᠯᠵᠢᠬᠦᠯᠵᠤ᠂ ᠠᠮᠢᠳᠤ ᠪᠣᠳᠠᠰ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ᠂ ᠦᠯᠦ ᠬᠠᠯᠳᠠᠭᠠᠬᠤ ᠲᠠᠷᠢᠯᠭ᠎ᠠ ᠬᠢᠬᠦ᠂ ᠠᠷᠢᠭᠤᠳᠬᠠᠵᠤ ᠡᠬᠢ ᠰᠤᠷᠪᠤᠯᠵᠢ ᠶᠢ ᠤᠰᠠᠳᠬᠠᠬᠤ ᠵᠡᠷᠭᠡ ᠠᠵᠢᠯ ᠢ ᠰᠠᠶᠢᠲᠤᠷ  ᠬᠢᠬᠦ ᠲᠠᠯ᠎ᠠ ᠪᠠᠷ ᠵᠢᠯᠤᠭᠤᠳᠤᠯᠭ᠎ᠠ ᠬᠢᠵᠦ᠂ ᠲᠡᠳᠡᠨ ᠤ ᠬᠢᠵᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ  ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃                                                                                        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ