ᠡᠵᠡᠨ ᠬᠤᠷᠤᠭ᠎ᠠ ᠬᠤᠰᠢᠭᠤ ᠲᠠᠷᠢᠶᠠᠯᠠᠩ ᠤᠨ ᠮᠠᠰᠢᠨ ᠤ ᠨᠥᠬᠦᠪᠥᠷᠢ ᠭᠤᠶᠤᠴᠢᠯᠠᠨ ᠭᠦᠢᠴᠡᠳᠬᠡᠬᠦ ᠠᠵᠢᠯ ᠢ ᠡᠷᠴᠢᠮ ᠲᠠᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/3/16
      ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ 2025 ᠣᠨ ᠤ ᠠᠩᠬᠠᠨ ᠤ ᠪᠦᠯᠦᠭ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠶᠢᠨ ᠪᠡᠯᠡ ᠮᠥᠩᠭᠦ ᠶᠢ ᠭᠤᠶᠤᠴᠢᠯᠠᠨ ᠭᠦᠢᠴᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃      2025 ᠣᠨ ᠳᠤ ᠨᠢᠭᠡᠳᠦᠭᠡᠷ ᠪᠦᠯᠦᠭ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠥᠷᠢ ᠶᠢᠨ ᠪᠠᠯᠠ ᠮᠥᠩᠭᠦ ᠶᠢ 3 ᠳ᠋ᠤᠭᠠᠷ ᠰᠠᠷ᠎ᠠ ᠶᠢᠨ 10 ᠤ ᠡᠳᠦᠷ ᠡᠵᠡᠨ ᠬᠤᠷᠤᠭ᠎ᠠ ᠬᠤᠰᠢᠭᠤᠨ ᠳᠤ ᠨᠡᠶᠢᠲᠡ 308 ᠲᠦᠮᠡᠨ ᠲᠥᠭᠦᠷᠢᠭ ᠪᠠᠭᠤᠯᠭᠠᠵᠤ᠂ ᠲᠥᠪ ᠤᠨ ᠡᠳ᠋ ᠤᠨ ᠵᠠᠰᠠᠭ ᠠᠴᠠ 270 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠠᠴᠠ 38 ᠲᠦᠮᠡᠨ ᠲᠥᠭᠦᠷᠢᠭ ᠪᠠᠭᠤᠯᠭᠠᠪᠠ᠃       ᠨᠥᠬᠦᠪᠥᠷᠢ ᠶᠢᠨ ᠪᠡᠯᠡ ᠮᠥᠩᠭᠦ ᠶᠢ ᠭᠤᠶᠤᠴᠢᠯᠠᠨ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠨᠥᠬᠦᠴᠡᠯ ᠳᠤ ᠨᠡᠶᠢᠴᠡᠬᠦ ᠮᠥᠷᠲᠡᠭᠡᠨ ᠮᠠᠲ᠋ᠧᠷᠢᠶᠠᠯ ᠨᠢ ᠪᠦᠷᠢᠨ ᠭᠦᠢᠴᠡᠳ ᠭᠤᠶᠤᠴᠢᠯᠠᠯ ᠢ ᠲᠤᠬᠠᠶ ᠶᠢᠨ ᠡᠳᠦᠷ ᠨᠢ ᠬᠢᠨᠠᠨ ᠬᠠᠷᠭᠤᠭᠤᠯᠵᠤ᠂ 7 ᠡᠳᠦᠷ ᠤᠨ ᠳᠣᠲᠣᠷ᠎ᠠ ᠮᠠᠰᠢᠨ ᠪᠠᠭᠠᠵᠢ ᠶᠢ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠪᠡᠶᠡᠯᠡᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠬᠢᠴᠠ ᠶᠢ ᠮᠥᠷᠳᠡᠵᠦ᠂ ᠢᠯᠡ ᠨᠡᠶᠢᠲᠡᠯᠡᠵᠦ᠂ ᠪᠡᠯᠡ ᠮᠥᠩᠭᠦ ᠰᠣᠯᠢᠵᠤ ᠥᠭᠬᠦ ᠠᠬᠢᠴᠠ ᠶᠢ ᠲᠦᠷᠭᠡᠳᠬᠡᠭᠰᠡᠨ ᠪᠠᠶᠢᠨ᠎ᠠ᠃      ᠣᠶᠢᠯᠠᠭᠠᠭᠰᠠᠨ ᠢᠶᠠᠷ ᠤᠳᠤᠬᠠᠨ ᠪᠤᠯᠲᠠᠯ᠎ᠠ᠂ 24 ᠬᠤᠪᠢ 45.72 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢᠨ ᠭᠤᠶᠤᠪᠴᠢᠯᠠᠯ ᠢ ᠰᠢᠰᠲ᠋ᠧᠮ ᠳᠤ ᠪᠢᠴᠢᠨ ᠣᠷᠣᠭᠤᠯᠵᠤ᠂ 12 ᠬᠤᠪᠢ 15.39 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠨᠲᠡ ᠪᠠᠭᠤᠯᠭᠠᠨ ᠵᠠᠷᠯᠠᠨ ᠨᠡᠶᠢᠲᠡᠯᠡᠵᠡᠢ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ