ᠡᠵᠡᠨ ᠬᠤᠷᠤᠭ᠎ᠠ ᠬᠤᠰᠢᠭᠤ ︽3·15︾᠎ ᠤ ᠠᠵᠢᠯᠯᠠᠭ᠎ᠠ ᠥᠷᠨᠢᠭᠦᠯᠵᠦ ᠬᠠᠨᠤᠮᠵᠢᠲᠠᠶ ᠬᠡᠷᠡᠭᠯᠡᠭᠡᠨ ᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠪᠠ
ᠨᠡᠶᠢᠲᠡᠯᠡᠭᠰᠡᠨ ᠴᠠᠭ᠄
2025/3/17
      3 ᠳ᠋ᠤᠭᠠᠷ ᠰᠠᠷ᠎ᠠ ᠶᠢᠨ 15᠎ ᠤ ᠡᠳᠦᠷ᠂ ᠡᠵᠡᠨ ᠬᠤᠷᠤᠭ᠎ᠠ ᠬᠤᠰᠢᠭᠤ 2025 ᠣᠨ ᠤ ︽3·15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ︾᠎ ᠶᠢ ᠵᠢᠩᠬᠢᠨᠢ ᠪᠠᠷ ᠡᠬᠢᠯᠡᠭᠦᠯᠪᠡ᠃ ᠲᠤᠰ ᠤᠳᠠᠭᠠᠨ ᠤ ᠠᠵᠢᠯᠯᠠᠭ᠎ᠠ ᠶᠢ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠵᠦ᠂ ᠬᠡᠷᠡᠭᠯᠡᠭᠴᠢᠳ ᠤᠨ ᠨᠡᠶᠢᠭᠡᠮᠯᠢᠭ ᠤᠨ ᠪᠦᠷᠢᠯᠳᠦᠬᠦᠨ ᠨᠢᠭᠡᠴᠢ ᠬᠠᠮᠲᠤ ᠳᠤᠨᠢ ᠣᠷᠤᠯᠴᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠬᠠᠭᠤᠷᠮᠠᠭ ᠮᠠᠭᠤ ᠲᠠᠸᠠᠷ ᠢ ᠬᠡᠷᠬᠢᠨ ᠢᠯᠭᠠᠨ ᠲᠠᠨᠢᠬᠤ ᠲᠤᠬᠠᠢ ᠲᠠᠶᠢᠯᠪᠤᠷᠢᠯᠠᠨ ᠶᠠᠷᠢᠵᠤ᠂ ᠡᠯ᠎ᠡ ᠨᠢᠭᠡᠴᠢ ᠨᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠸᠢᠳᠢᠣ᠋ ᠨᠡᠪᠲᠡᠷᠡᠭᠦᠯᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠢᠳᠡᠭᠡᠨ ᠤᠮᠳᠠᠭᠠᠨ ᠪᠠ ᠡᠮ ᠤᠨ ᠵᠤᠶᠢᠯᠡᠰ ᠤᠨ ᠲᠤᠰᠬᠠᠶ ᠲᠤᠭᠤᠷᠢᠭ ᠲᠤ᠂ ᠣᠯᠠᠨ ᠲᠦᠮᠡᠨ ᠤ ᠮᠠᠳᠠᠭ ᠲᠠᠢ ᠠᠰᠠᠭᠤᠯᠲᠠ ᠳᠤ ᠠᠵᠢᠯᠲᠠᠳ ᠠᠴᠠ ᠬᠦᠯᠢᠴᠡᠩᠭᠦᠶ ᠪᠠᠷ ᠬᠠᠷᠢᠭᠤᠯᠳᠠ ᠦᠭᠬᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠤᠳᠠᠯᠳᠤᠭᠠᠴᠢᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠳᠥᠯᠭᠢᠨ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠪᠡ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ