| ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ | ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠵᠡᠷᠭᠡ ᠪᠠᠷ ᠬᠦᠴᠦᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠰᠢᠯᠤᠭᠤᠳᠬᠠᠨ᠂ ᠠᠵᠤ ᠠᠬᠤᠶᠢᠯᠠᠯ ᠪᠠ ᠣᠯᠠᠨ ᠲᠦᠮᠡᠨ ᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | ᠨᠢᠭᠡ ᠳᠤ ᠰᠦᠯᠵᠢᠶᠡᠨ ᠳᠡᠭᠡᠷ᠎ᠡ ᠢᠯᠡ ᠪᠣᠯᠭᠠᠬᠤ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠷᠠᠭᠤᠯᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠤ ᠥᠷᠲᠡᠭᠡ ᠶᠢᠨ ᠡᠷᠴᠢᠮᠵᠢᠭᠦᠯᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠡᠯ᠎ᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ | ᠢᠯᠡ ᠪᠣᠯᠭᠠᠬᠤ ᠲᠠᠪᠴᠠᠩ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠯᠲᠡᠶ᠂ ᠳᠥᠭᠦᠮ ᠳᠥᠲᠡ ᠡᠭᠦᠳᠡᠨ | ᠰᠦᠯᠵᠢᠶᠡᠨ ᠤ ᠥᠷᠲᠡᠭᠡ ᠶᠢ ᠪᠣᠶ ᠪᠣᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠥᠪᠯᠡᠷᠡᠭᠦᠯᠦᠨ᠂ ᠴᠠᠭ ᠲᠤᠬᠠᠶ ᠳᠤᠨᠢ᠂ ᠣᠨᠣᠪᠴᠢᠲᠠᠶ ᠢᠯᠡ ᠪᠣᠯᠭᠠᠬᠤ ᠶᠢ | ᠦᠨᠡᠨᠬᠦ ᠪᠠᠲᠤᠯᠠᠬᠤ ᠬᠡᠷᠡᠭᠲᠡᠶ︔ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠷᠭ᠎ᠠ ᠵᠠᠮ ᠢ ᠰᠢᠯᠤᠭᠤᠳᠬᠠᠵᠤ᠂ ᠬᠤᠰᠢᠭᠤ ᠠᠷᠠᠳ | ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠲᠤᠰᠬᠠᠶ ᠪᠤᠯᠤᠩ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠢᠯᠡ ᠪᠣᠯᠭᠠᠬᠤ ᠶᠢ ᠰᠠᠶᠢᠲᠤᠷ | ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠣᠶᠢᠯᠠᠭᠠᠵᠤ᠂ ᠲᠥᠷᠥ ᠶᠢᠨ | ᠪᠣᠳᠣᠯᠭ᠎ᠠ ᠶᠢᠨ ᠠᠭᠤᠯᠤᠭᠳᠠᠬᠤᠨ ᠢ ᠣᠶᠢᠯᠠᠭᠠᠬᠤ ᠶᠢ ᠦᠨᠡᠨᠬᠦ ᠪᠠᠳᠤᠯᠠᠵᠤ︔ ᠭᠤᠶᠤᠴᠢᠯᠠᠯ ᠢ ᠢᠯᠡ ᠪᠣᠯᠭᠠᠬᠤ ᠠᠷᠭ᠎ᠠ ᠵᠠᠮ ᠢ ᠰᠢᠯᠤᠭᠤᠳᠬᠠᠵᠤ᠂ ᠬᠤᠰᠢᠭᠤ ᠠᠷᠠᠳ | ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠲᠥᠪᠯᠡᠷᠡᠭᠦᠯᠦᠨ ᠢᠯᠡ ᠪᠣᠯᠭᠠᠬᠤ ᠶᠢᠨ ᠬᠠᠮᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠵᠦᠭᠯᠡᠭᠦᠷ ᠢ ᠴᠠᠭ ᠲᠤᠬᠠᠶ ᠳᠤᠨᠢ ᠰᠢᠨᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠶᠳᠪᠦᠷᠢᠯᠡᠬᠦ | ᠶᠢ ᠦᠨᠡᠨ ᠬᠦ ᠪᠠᠳᠤᠯᠠᠪᠠ᠃ | ᠬᠤᠶᠠᠷ ᠲᠤ᠂ ᠰᠦᠯᠵᠢᠶᠡᠨ ᠭᠠᠳᠠᠨᠠᠬᠢ ᠢᠯᠡ ᠪᠣᠯᠭᠠᠬᠤ ᠠᠷᠭ᠎ᠠ ᠵᠠᠮ ᠤᠨ ᠪᠠᠶᠢᠭᠤᠯᠤᠯᠲᠠ ᠶᠢ ᠵᠢᠷᠤᠮᠵᠢᠭᠤᠯᠪᠠ᠃ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠬᠦ ᠶᠢᠨ ᠬᠠᠮᠲᠤ᠂ | ᠡᠯ᠎ᠡ ᠪᠠᠯᠭᠠᠰᠤᠨ ᠤ ᠠᠵᠢᠯ ᠬᠡᠷᠡᠭ ᠭᠦᠶᠴᠡᠳᠬᠡᠬᠦ ᠣᠯᠠᠨ ᠲᠦᠮᠡᠨ ᠨᠡᠯᠢᠶᠡᠳ ᠲᠥᠪᠯᠡᠷᠡᠭᠰᠡᠨ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠲᠤ ᠵᠠᠰᠠᠭ ᠤᠨ | ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ ᠪᠠᠶᠢᠭᠤᠯᠬᠤ ᠶᠢ ᠵᠢᠯᠣᠭᠤᠳᠴᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠠᠰᠠᠭ ᠤᠨ ᠶᠠᠪᠤᠳᠠᠯ ᠤᠨ | ᠦᠶᠯᠡᠴᠢᠯᠡᠭᠡ ᠵᠢᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠠᠭᠤᠷᠢᠨ ᠭᠠᠵᠠᠷ ᠢ ᠵᠢᠷᠤᠮᠵᠢᠭᠤᠯᠵᠤ᠂ ᠪᠥᠬᠦ ᠬᠤᠰᠢᠭᠤᠨ ᠤ ᠰᠦᠯᠵᠢᠶᠡᠨ | ᠭᠠᠳᠠᠨ᠎ᠠ ᠢᠯᠡ ᠪᠣᠯᠭᠠᠬᠤ ᠠᠷᠭ᠎ᠠ ᠵᠠᠮ ᠢ ᠰᠢᠯᠤᠭᠤᠳᠬᠠᠵᠤ᠂《 ᠪᠠᠶᠢᠬᠤ 》ᠠᠭᠤᠯᠭ᠎ᠠ ᠪᠠᠷ《 ᠰᠢᠯᠢᠳᠡᠭ 》ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ | ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠪᠠ᠃ | |