| 3 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠣᠷᠳᠣᠰ ᠤᠨ ᠠᠭᠠᠷ ᠤᠨ ᠠᠶᠠᠯᠠᠯ ᠤᠨ ᠭᠠᠷᠠᠮ ᠤᠨ | ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠲᠤ ᠣᠶᠤᠨᠴᠢ ᠪᠤᠳᠤᠬᠤ ᠴᠢᠳᠠᠪᠤᠷᠢ᠂ ᠣᠶᠤᠨᠴᠢ ᠪᠠᠷᠠᠭᠠᠨ ᠤ ᠬᠦᠢᠯᠬᠡᠬᠡ᠂ ᠨᠡᠬᠦᠷᠡᠰᠦᠳᠦ᠋ᠷᠦᠭᠴᠢ ᠦᠯᠦ | ᠭᠠᠳᠠᠭᠰᠢᠯᠠᠭᠤᠯᠬᠤ ᠨᠢᠰᠬᠡᠯ ᠤᠨ ᠪᠠᠭᠤᠳᠠᠯ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠢ ᠲᠦᠷᠭᠡᠳᠬᠡᠨ | ᠪᠤᠶᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠦ᠋ ᠶᠦᠨ ᠵᠢᠩ ᠳ᠋ᠦᠩ ᠤᠶᠤᠨᠲᠤ ᠬᠥᠮᠥᠷᠭᠡ ᠭᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠤᠶᠢᠯ ᠳᠤ᠂ ᠡᠵᠡᠩᠨᠡᠯᠲᠡ ᠶᠢᠨ ᠵᠠᠭᠪᠤᠷ᠂ ᠲᠤᠬᠠᠶᠢᠯᠠᠭᠰᠠᠨ | ᠠᠵᠢᠯ ᠤᠨ ᠬᠡᠪᠴᠢᠶ᠎ᠡ᠂ ᠰᠦᠯᠵᠢᠶᠡᠨ ᠤ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠡᠷᠡᠯ ᠴᠡᠨᠡᠭ ᠢ ᠨᠢᠭᠡ | ᠴᠣᠭᠴᠠᠵᠢᠭᠤᠯᠤᠭᠰᠠᠨ ᠲᠥᠷᠥᠯ ᠵᠤᠶᠢᠯ ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠪᠣᠬᠢᠷᠲᠤᠯ ᠥᠬᠡᠶ | ᠬᠥᠭᠵᠢᠯᠲᠡ ᠶᠢᠨ ᠳᠤᠮᠳᠠᠬᠢ ᠵᠢᠱᠢᠶ᠎ᠡ ᠦᠵᠡᠭᠦᠯᠬᠦ ᠦᠢᠯᠡᠳᠤᠯ ᠢ ᠬᠦᠢᠴᠡᠳ ᠪᠠᠳᠠᠷᠠᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠭᠡ ᠪᠠᠷ | ᠬᠥᠭᠵᠢᠭᠦᠯᠵᠦ᠂ ᠵᠠᠮ ᠱᠤᠭᠤᠮ ᠤᠨ ᠲᠥᠰᠦᠯ ᠢ ᠰᠢᠯᠢᠳᠡᠭᠵᠢᠭᠦᠯᠦᠨ᠂ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠵᠦ᠂ | ᠲᠥᠪᠯᠡᠷᠡᠭᠰᠡᠨ ᠬᠦᠴᠦᠨ ᠢᠶᠠᠷ ᠴᠢᠩᠭ᠎ᠠ᠂ ᠨᠥᠯᠥᠭᠡᠯᠡᠬᠦ ᠬᠡᠪᠴᠢᠶ᠎ᠡ ᠪᠠᠷ ᠥᠷᠭᠡᠨ ᠣᠷᠣᠨ ᠪᠦᠰᠡ ᠶᠢᠨ ᠴᠢᠨᠠᠷᠲᠠᠶ ᠪᠠᠷᠠᠭᠠᠨ ᠤ ᠬᠦᠢᠯᠬᠡᠬᠡᠨ ᠤ ᠲᠥᠪᠯᠡᠷᠡᠭᠦᠯᠦᠨ | ᠲᠠᠷᠬᠠᠭᠠᠬᠤ ᠲᠥᠪ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠡᠶ᠃ | ᠦ᠋ ᠶᠦᠨ ᠤᠯᠤᠰ ᠤᠨ ᠡᠨᠧᠷᠭᠢ ᠶᠢᠨ ᠱᠧᠨ ᠳ᠋ᠦᠩ ᠪᠤᠳᠤᠬᠤ ᠴᠢᠳᠠᠪᠤᠷᠢ ᠶᠢᠨ ᠲᠥᠪ ᠲᠤ᠂ ᠪᠤᠳᠤᠬᠤ ᠴᠢᠳᠠᠪᠤᠷᠢ ᠶᠢᠨ ᠬᠡᠪᠴᠢᠶ᠎ᠡ᠂ ᠬᠡᠷᠡᠭᠯᠡᠭᠡᠨ ᠤ ᠲᠠᠯᠠᠪᠠᠶ ᠶᠢᠨ | ᠥᠷᠭᠡᠵᠢᠯ ᠵᠢᠴᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠠᠩᠬᠠᠷᠴᠤ᠂ ᠪᠤᠳᠤᠬᠤ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠨᠡᠩ ᠤᠯᠠᠨ ᠴᠢᠨᠠᠷ ᠰᠠᠶᠢᠲᠠᠢ ᠲᠣᠭᠠᠴᠢᠯᠠᠭᠰᠠᠨ ᠠᠵᠤ ᠦᠢᠯᠡᠰ ᠢ ᠣᠷᠣᠭᠤᠯᠤᠨ ᠠᠪᠴᠢᠷᠠᠵᠤ | ᠪᠣᠳᠠᠲᠠᠢ ᠳᠤ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠲᠣᠭᠠᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠬᠡᠯᠡᠪᠡ᠃ | ᠦ᠋ ᠶᠦᠨ ᠤᠯᠤᠰ ᠤᠨ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠭᠡᠷᠡᠴᠢᠯᠡᠯ ᠤᠨ ᠰᠤᠳᠤᠯᠤᠨ ᠨᠡᠭᠡᠭᠡᠬᠦ ᠲᠥᠪ ᠲᠤ᠂ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠰᠣᠨᠣᠰᠴᠤ᠂ ᠰᠤᠳᠤᠯᠤᠨ | ᠨᠡᠭᠡᠭᠡᠬᠦ ᠲᠥᠪ ᠤᠨ ᠬᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠᠨ ᠲᠦᠷᠭᠡᠳᠬᠡᠵᠦ᠂ ᠭᠤᠯᠲᠠ ᠴᠤᠭᠴᠠᠯᠠᠭᠰᠠᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠭᠡᠷᠡᠴᠢᠯᠡᠯ᠂ ᠳᠠᠳᠤᠯᠭ᠎ᠠ ᠪᠣᠯᠪᠠᠰᠤᠷᠠᠯ ᠤᠨ ᠠᠵᠤ | ᠦᠶᠢᠯᠡᠰᠵᠢᠯᠲᠡ ᠶᠢᠨ ᠭᠡᠷᠡᠭᠯᠡᠭᠡ ᠶᠢ ᠠᠬᠢᠭᠤᠯᠬᠤ ᠶᠢ ᠬᠦᠰᠡᠮᠵᠢᠯᠡᠪᠡ᠃ | ᠡᠤ ᠶᠦᠨ ᠣᠷᠳᠣᠰ ᠤᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ᠂ ᠴᠡᠪᠡᠷ ᠡᠨᠧᠷᠭᠢ ᠶᠢᠨ ᠠᠰᠢᠭᠯᠠᠯᠲᠠ᠂ ᠢᠯᠴᠢ ᠶᠢᠨ | ᠬᠥᠭᠡᠷᠭᠡ ᠶᠢᠨ ᠰᠢᠰᠲ᠋ᠧᠮ᠂ ᠪᠤᠬᠢᠷᠳᠤᠯ ᠦᠬᠡᠢ ᠴᠠᠬᠢᠯᠭᠠᠨ ᠤ ᠰᠢᠰᠲ᠋ᠧᠮ ᠵᠡᠷᠭᠡ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠵᠤ | ᠂ ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠡᠬᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠵᠤ᠂ ᠡᠨᠧᠷᠭᠢ ᠶᠢᠨ | ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠨ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ | ᠦᠵᠡᠭᠦᠯᠬᠦ ᠬᠡᠷᠡᠭᠲᠡᠶ ᠬᠡᠪᠡ᠃ | ᠦ᠋ ᠶᠦᠨ ᠺᠠᠩ ᠾᠧ ᠰᠢᠨ ᠭᠠᠩ ᠪᠥᠬᠦ ᠨᠠᠰᠤᠨ ᠤ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠬᠡᠨ ᠤ ᠨᠡᠶᠢᠭᠡᠮ | ᠲᠣᠭᠤᠷᠢᠭ ᠲᠤ᠂ ᠣᠶᠤᠨᠴᠢ ᠨᠠᠰᠤᠵᠢᠯ ᠤᠨ ᠦᠢᠯᠡᠴᠢᠯᠡᠬᠡᠨ ᠤ ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ | ᠭᠡᠷ ᠲᠡᠭᠡᠨ ᠨᠠᠰᠤᠵᠢᠯ ᠤᠨ ᠠᠰᠠᠷᠠᠮᠵᠢ ᠬᠦᠷᠳᠡᠬᠦ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ︽ᠪᠦᠬᠦ ᠨᠠᠰᠤᠵᠢᠯᠲᠠ᠂ ᠤᠶᠤᠨᠴᠢᠯᠠᠯᠲᠠ᠂ | ᠦᠷᠬᠦᠯᠵᠢᠯᠡᠬᠦᠶᠢᠴᠡ︾ ᠣᠶᠢᠯᠠᠭᠠᠭᠳᠠᠬᠤᠨ ᠳᠤ ᠰᠠᠭᠤᠷᠢᠯᠠᠨ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠴᠠᠲᠠᠢ ᠵᠣᠯᠭᠠᠭᠤᠯᠵᠤ᠂ ᠨᠡᠩ ᠤᠯᠠᠨ | ᠤᠶᠤᠨᠴᠢᠯᠠᠬᠰᠠᠨ ᠲᠥᠬᠦᠭᠡᠷᠦᠮᠵᠢ ᠪᠣᠯᠤᠨ ᠲᠤᠰᠬᠠᠢ ᠮᠡᠷᠭᠡᠵᠢᠯ ᠤᠨ ᠰᠤᠪᠢᠯᠠᠯᠲᠠ ᠶᠢᠨ ᠦᠢᠯᠡᠴᠢᠯᠡᠭᠡ ᠶᠢ ᠣᠷᠣᠭᠤᠯᠤᠨ ᠠᠪᠴᠢᠷᠠᠵᠤ᠂ ᠳᠥᠭᠦᠮ ᠳᠥᠲᠡ᠂ | ᠲᠠᠭᠠᠯᠠᠮᠵᠢᠲᠠᠢ᠂ ᠠᠮᠤᠷ ᠲᠦᠪᠰᠢᠨ ᠭᠡᠷ ᠲᠡᠭᠡᠨ ᠨᠠᠰᠤᠵᠢᠯ ᠤᠨ ᠠᠰᠠᠷᠠᠮᠵᠢ ᠬᠦᠷᠳᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠰᠡᠨ ᠪᠠᠶᠢᠨ᠎ᠠ᠃ | ᠬᠤᠰᠢᠭᠤᠨ ᠤ ᠤᠳᠤᠷᠢᠳᠤᠯᠭ᠎ᠠ ᠸᠠᠩ ᠬᠠᠢ ᠹᠧᠩ᠂ ᠵᠧᠦ ᠯᠢ ᠮᠢᠩ᠂ ᠵᠠᠩ ᠹᠦ᠋ ᠴᠦᠨ ᠣᠷᠣᠯᠴᠠᠪᠠ᠃ | |