ᠡᠵᠡᠨ ᠬᠤᠷᠤᠭ᠎ᠠ ᠬᠤᠰᠢᠭᠤ ᠣᠶ ᠰᠢᠭᠤᠶ ᠨᠤᠲᠤᠭ ᠪᠡᠯᠴᠢᠭᠡᠷ ᠢ ᠬᠠᠤᠯᠢ ᠲᠣᠭᠲᠠᠭᠠᠯ ᠠᠴᠠ ᠵᠥᠷᠢᠴᠡᠨ ᠡᠪᠳᠡᠵᠦ ᠪᠠᠶᠢᠭ᠎ᠠ ᠪᠠᠶᠢᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2025/3/18
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠠᠵᠢᠯᠲᠠᠨ ᠡᠯ᠎ᠡ ᠪᠠᠯᠭᠠᠰᠤᠨ ᠳᠤ ᠬᠦᠷᠴᠦ᠂ ᠣᠶ ᠰᠢᠭᠤᠶ ᠨᠤᠲᠤᠭ ᠪᠡᠯᠴᠢᠭᠡᠷ ᠢ ᠬᠠᠤᠯᠢ ᠲᠣᠭᠲᠠᠭᠠᠯ ᠠᠴᠠ ᠵᠥᠷᠢᠴᠡᠨ ᠡᠪᠳᠡᠵᠦ ᠪᠠᠶᠢᠭ᠎ᠠ ᠪᠠᠶᠢᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠨ᠎ᠠ᠃      ᠬᠠᠮᠢᠶ᠎ᠠ ᠪᠥᠬᠦᠢ ᠠᠵᠢᠯᠲᠠᠳ ᠠᠴᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠳᠡᠩᠰᠡᠯᠡᠨ ᠲᠡᠮᠳᠡᠭᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠭᠤᠣᠯᠳᠠᠭᠤ ᠨᠡᠭᠦᠷᠡᠰᠦ ᠤᠬᠢᠶᠠᠬᠤ ᠦᠢᠯᠡᠳᠪᠦᠷᠢ ᠵᠢᠴᠢ ᠴᠢᠩᠭᠡᠯᠢᠭ ᠤᠨ ᠥᠷᠲᠡᠭᠡᠨ ᠤ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠢ ᠲᠣᠭᠲᠠᠭᠠᠯ ᠶᠣᠰᠣᠭᠠᠷ ᠰᠢᠢᠳᠬᠡᠵᠦ᠂ ᠣᠶᠢᠲᠤ ᠭᠠᠵᠠᠷ ᠨᠤᠲᠤᠭ ᠪᠡᠯᠴᠢᠭᠡᠷ ᠢ ᠬᠡᠷᠡᠭᠯᠡᠬᠦ ᠵᠥᠪᠰᠢᠶᠡᠯ ᠢ ᠣᠯᠬᠤ ᠪᠤᠶᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠲᠤᠰ ᠠᠵᠢᠯ ᠢᠶᠠᠨ ᠦᠷᠭᠦᠯᠵᠢᠯᠡᠨ ᠠᠬᠢᠭᠤᠯᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ  ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠪᠠᠷ ᠪᠠᠶᠢᠨ᠎ᠠ᠃                          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ