| 3 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠣ ᠶᠦᠨ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ | ᠡᠨᠧᠷᠭᠢ ᠶᠢᠨ ᠰᠤᠳᠤᠯᠭᠠᠨ ᠤ ᠬᠦᠷᠢᠶᠡᠯᠡᠩ ᠬᠢᠭᠡᠳ ᠤᠯᠠᠭᠠᠨ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠰᠢᠨᠵᠢᠯᠡᠬᠦ ᠤᠬᠠᠭᠠᠨᠲᠠᠨ ᠪᠤᠯᠤᠨ ᠠᠵᠤ | ᠠᠬᠤᠶᠢᠯᠠᠯᠲᠠᠨ ᠤᠨ ︽ᠭᠠᠷ ᠠᠳᠬᠤᠵᠣ︾᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶ ᠨᠠᠶᠢᠳᠠᠪᠤᠷᠢᠵᠢᠭᠤᠯᠵᠣ᠂ ᠰᠢᠨ᠎ᠡ ᠴᠢᠨᠠᠷ ᠤᠨ | ᠦᠢᠯᠡᠳᠪᠤᠷᠢᠯᠡᠯ ᠤᠨ ᠬᠦᠴᠦᠨ ᠢ ᠬᠠᠮᠲᠤᠪᠠᠷ ᠡᠭᠦᠳᠬᠦ ᠶᠢ ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃ | ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ | ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᡁᠢ ᠵᠢᠶᠦ᠋ᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠲᠠᠨᠢᠯᠴᠠᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠬᠤᠯᠠ ᠡᠯᠧᠮᠧᠨ᠋ᠲ ᠤᠨ ᠡᠬᠢ ᠪᠠᠶᠠᠯᠢᠭ ᠡᠯᠪᠡᠭ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠳᠠᠪᠠᠭᠤᠯᠢᠭ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠳᠠᠯ ᠴᠢᠩᠭ᠎ᠠ ᠬᠦᠴᠦᠲᠡᠶ ᠪᠠᠶᠢᠨ᠎ᠠ᠂ ᠰᠤᠳᠤᠯᠭᠠᠨ ᠤ ᠬᠦᠷᠢᠶᠡᠯᠡᠩ ᠠᠵᠤ ᠠᠬᠤᠶᠢᠯᠠᠯ ᠤᠨ ᠬᠡᠷᠡᠭᠴᠡᠭᠡ ᠪᠠᠷ | ᠤᠳᠤᠷᠢᠳᠤᠮᠵᠢ ᠪᠣᠯᠭᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠬᠤ ᠰᠢᠨ᠎ᠡ ᠠᠷᠭ᠎ᠠ ᠵᠠᠮ ᠢ ᠬᠠᠮᠲᠤ ᠪᠠᠷ ᠵᠦᠪᠳᠡᠯᠴᠡᠬᠦ ᠪᠠᠨ ᠢᠯᠡᠳᠭᠡᠭᠰᠡᠨ ᠪᠠᠶᠢᠨ᠎ᠠ᠃ | ᠤᠯᠠᠭᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠷᠦᠩ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠡᠭᠡᠵᠢᠩ | ᠶᠡᠭᠡ ᠰᠤᠷᠭᠠᠭᠤᠯᠢ ᠶᠢᠨ ᠤᠷᠳᠤᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠡᠨᠧᠷᠭᠢ ᠶᠢᠨ ᠬᠦᠷᠢᠶᠡᠨ ᠤ | ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠤᠨ ᠲᠤᠷᠰᠢᠯᠲᠠ ᠶᠢᠨ ᠲᠠᠰᠤᠭ ᠤᠨ ᠦᠢᠯᠡᠳᠪᠦᠷᠢᠯᠡᠯ ᠤᠨ ᠱᠤᠭᠤᠮ ᠲᠡᠶᠢᠰᠢ ᠤᠷᠤᠭᠰᠢᠯᠠᠬᠤ ᠶᠢ ᠠᠬᠢᠭᠤᠯᠵᠤ᠂ ᠣᠷᠣᠨ ᠨᠤᠲᠤᠭ ᠪᠣᠯᠤᠨ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ︽ᠪᠣᠬᠢᠷᠲᠤᠯ ᠦᠭᠡᠢ ᠬᠥᠳᠡᠯᠭᠡᠬᠦ ᠬᠦᠴᠦᠨ︾ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠡᠣ ᠶᠦᠨ ᠬᠤᠶᠠᠷ ᠲᠠᠯ᠎ᠠ ᠶᠢᠨ ᠶᠠᠷᠢᠯᠴᠠᠭ᠎ᠠ ᠰᠣᠯᠢᠯᠴᠠᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠣᠳᠣᠬᠠᠨ ᠳᠤ ᠤᠯᠠᠮᠵᠢᠯᠠᠯᠲᠤ ᠡᠨᠧᠷᠭᠢ ᠶᠢᠨ | ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠰᠢᠨᠵᠢᠯᠡᠬᠦ ᠤᠬᠠᠭᠠᠨᠲᠠᠨ ᠤ ᠪᠦᠯᠬᠦᠮ ᠨᠡᠶᠢᠲᠡ ᠶᠢᠨ ᠣᠶᠤᠨ ᠤ ᠲᠤᠯᠭᠠᠭᠤᠷᠢᠯᠠᠯ | ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠬᠦᠷᠢᠶᠡᠯᠡᠩ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ | ᠭᠦᠨ ᠳᠠᠪᠬᠤᠷᠭ᠎ᠠ ᠶᠢᠨ ᠨᠡᠭᠦᠷᠡᠰᠦᠨ ᠳᠠᠪᠬᠤᠷᠭ᠎ᠠ ᠶᠢᠨ ᠬᠡᠶ ᠶᠢ ᠨᠡᠭᠡᠭᠡᠨ ᠬᠥᠭᠵᠢᠭᠦᠯᠬᠦ᠂ ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ | ᠬᠠᠮᠵᠢᠯᠴᠠᠨ ᠰᠢᠨ᠎ᠡ ᠶᠢ ᠡᠭᠦᠳᠬᠦ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠬᠤ ᠬᠡᠷᠡᠭᠳᠡᠢ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠨᠦᠬᠦᠴᠡᠯ ᠢ ᠪᠣᠶ ᠪᠣᠯᠭᠠᠵᠤ᠂ ᠦᠢᠯᠡᠴᠢᠯᠡᠬᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠲᠠᠨ ᠬᠢᠭᠡᠳ ᠠᠵᠤ | ᠠᠬᠤᠶᠢᠯᠠᠯᠲᠠᠨ ᠤᠨ ︽ᠭᠠᠷ ᠠᠳᠬᠤᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠬᠦᠴᠦ ᠳᠡᠯᠪᠢᠨ ᠲᠥᠷᠥᠯ ᠵᠤᠶᠢᠯ ᠢ ᠲᠦᠷᠭᠡᠳᠬᠡᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠤᠰ ᠴᠢᠭᠯᠡᠯ ᠢᠶᠠᠷ ᠤᠷᠤᠭᠰᠢᠯᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠬᠦᠰᠡᠮᠵᠢᠯᠡᠪᠡ᠃ | |