ᠦ᠋ ᠶᠦᠨ ᠠᠵᠢᠯ ᠤᠯᠵᠤ ᠦᠢᠯᠡᠰ ᠪᠤᠰᠬᠠᠬᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/19
      ᠤᠶᠢᠷ᠎ᠠ ᠶᠢᠨ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠠᠯᠳᠠᠨᠰᠢᠷᠡᠭᠡᠳᠤ ᠪᠠᠯᠭᠠᠰᠤᠨ ᠳᠤ ᠠᠵᠢᠯ ᠤᠯᠵᠤ ᠦᠢᠯᠡᠰ ᠪᠤᠰᠬᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠮᠢ ᠳ᠋ᠦᠸᠧ ᠳ᠋ᠦᠸᠧ ᠠᠵᠢᠯ ᠤᠯᠵᠤ ᠦᠢᠯᠡᠰ ᠪᠤᠰᠬᠠᠬᠤ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ᠂ ᠰᠢᠨ ᠪᠸᠢ ᠨᠡᠶᠢᠭᠡᠮ ᠲᠣᠭᠤᠷᠢᠭ ᠤᠨ ᠠᠵᠢᠯ ᠤᠯᠵᠤ ᠦᠢᠯᠡᠰ ᠪᠤᠰᠬᠠᠬᠤ ᠪᠤᠳᠠᠳᠤ ᠪᠣᠯᠪᠠᠰᠤᠷᠠᠯ ᠤᠨ ᠦᠢᠯᠡᠴᠢᠯᠡᠭᠡᠨ ᠤ ᠦᠷᠳᠡᠭᠡ ᠳᠤ᠂ ᠦ᠋ ᠶᠦᠨ ᠦᠢᠯᠡᠰ ᠪᠤᠰᠬᠠᠬᠴᠢ ᠪᠣᠯᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠦᠷᠦᠯ ᠵᠦᠢᠯ ᠤᠨ ᠨᠡᠪᠴᠢᠭᠦᠯᠦᠯᠲᠡ᠂ ᠤᠷ᠎ᠠ ᠮᠡᠷᠭᠡᠵᠢᠯ ᠤᠨ ᠪᠣᠯᠪᠠᠰᠤᠷᠠᠯ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠪᠣᠯᠤᠨ ᠠᠵᠢᠯ ᠣᠯᠭᠤᠯᠲᠠ ᠶᠢᠨ ᠬᠤᠪᠢᠷᠠᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠤᠳᠤᠷᠢᠳᠤᠮᠵᠢ ᠪᠠ ᠣᠯᠠᠨ ᠲᠦᠮᠡᠨ ᠤ ᠬᠡᠷᠡᠭᠴᠡᠭᠡ ᠳᠤ ᠨᠢᠭᠲᠠ ᠵᠣᠬᠢᠴᠠᠭᠤᠯᠤᠨ᠂ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠨᠠᠷᠢᠨ ᠨᠢᠮᠪᠠᠶ ᠮᠥᠷᠳᠡᠨ ᠤᠶᠢᠯᠡᠴᠢᠯᠡᠵᠦ᠂ ᠬᠥᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠵᠦ᠂ ᠬᠥᠳᠡᠯᠮᠦᠷᠢᠴᠢᠳ ᠤᠨ ᠬᠥᠮᠦᠨ ᠪᠠ ᠠᠵᠢᠯ ᠤᠨ ᠪᠠᠶᠢᠷᠢ ᠶᠢᠨ ᠵᠣᠬᠢᠴᠠᠯᠳᠤᠬᠤ᠂ ᠲᠤᠬᠠᠶ ᠶᠢᠨ ᠭᠠᠵᠠᠷ ᠲᠤᠨᠢ ᠠᠵᠢᠯ ᠤᠯᠬᠤ ᠶᠢ ᠠᠬᠢᠭᠤᠯᠬᠤ ᠬᠡᠷᠡᠭᠲᠡᠶ ᠭᠡᠵᠡᠶ᠃      ᠤᠰᠤᠨ ᠡᠷᠬᠢ ᠶᠢᠨ ᠰᠢᠨ᠎ᠡ ᠬᠤᠳᠠ ᠶᠢᠨ ᠴᠡᠴᠡᠷᠯᠢᠭ ᠨᠡᠶᠢᠭᠡᠮ ᠲᠣᠭᠤᠷᠢᠭ ᠲᠤ᠂ ᠦ᠋ ᠶᠦᠨ ︽ᠦᠨᠳᠦᠰᠦᠨ ᠳ᠋ᠠᠶᠢᠲ᠋ᠠ ᠬᠥᠮᠥᠷᠭᠡ︾᠎ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠲᠤᠭ᠎ᠠ ᠪᠠᠷᠢᠮᠲᠠ ᠶᠢ ᠨᠢᠭᠡ ᠯᠡ ᠤᠳᠠᠭ᠎ᠠ ᠳᠤ ᠣᠷᠣᠭᠤᠯᠬᠤ᠂ ᠬᠥᠳᠡᠯᠦᠩᠭᠦᠢ ᠪᠠᠷ ᠰᠢᠨᠡᠳᠬᠡᠬᠦ᠂ ᠨᠢᠭᠡ ᠯᠡ ᠳᠠᠷᠤᠪᠴᠢ ᠪᠠᠷ ᠭᠠᠷᠭᠠᠨ ᠠᠪᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠤᠯᠠᠨ ︽ᠠᠵᠢᠯᠯᠠᠭᠤᠯᠬᠤ︾᠂ ᠦᠨᠳᠦᠰᠦᠨ ᠱᠠᠲᠤᠨ ᠤ ︽ᠮᠡᠳᠡᠬᠦᠯᠤᠯᠳᠡ ᠶᠢᠨ ᠬᠦᠰᠦᠨᠦᠭᠲᠦ︾᠎ ᠶᠢ ᠴᠥᠭᠡᠳᠬᠡᠬᠦ ᠶᠢ ᠪᠡᠶᠡᠯᠡᠭᠦᠯᠵᠦ᠂ ᠲᠣᠭᠠᠨ ᠤ ᠴᠢᠳᠠᠪᠤᠷᠢ ᠪᠠᠷ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠴᠧ ᠵᠢᠶᠠ ᠴᠢᠦᠢ ᠲᠣᠰᠬᠤᠨ ᠤ ᠤᠢ ᠰᠢᠭᠤᠢ ᠶᠢᠨ ᠰᠤᠷᠭᠠᠯᠳᠠ ᠶᠢᠨ ᠰᠠᠭᠤᠷᠢᠨ ᠭᠠᠵᠠᠷ ᠲᠤ᠂ ᠦ᠋ ᠶᠦᠨ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ᠂ ᠪᠣᠷᠣᠯᠠᠭᠤᠯᠭ᠎ᠠ ᠶᠢᠨ ᠠᠷᠭ᠎ᠠ ᠵᠠᠮ ᠵᠢᠴᠢ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠠᠭᠤᠷᠢᠨ ᠭᠠᠵᠠᠷ ᠤᠨ ᠬᠢᠨ ᠮᠡᠷᠭᠡᠵᠢᠯ ᠤᠨ ᠰᠤᠳᠤᠯᠤᠨ ᠨᠡᠭᠡᠭᠡᠯᠳᠡ ᠪᠠᠨ ᠴᠢᠩᠭᠠᠳᠬᠠᠵᠤ᠂ ᠠᠵᠤ ᠦᠢᠯᠡᠰ ᠤᠨ ᠬᠢᠯᠬᠢᠶ᠎ᠡ ᠪᠠᠨ ᠤᠷᠲᠤᠳᠬᠠᠵᠤ᠂ ᠬᠦᠴᠦᠷᠬᠡᠭ ᠶᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠶᠢᠵᠢᠭᠤᠯᠬᠤ ᠪᠠᠷ ᠳᠠᠮᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠠᠰᠢᠭ ᠲᠤᠰᠠ ᠶᠢ ᠨᠡᠩ ᠤᠯᠠᠨ ᠮᠠᠯᠴᠢᠨ ᠲᠠᠷᠢᠶᠠᠴᠢᠨ ᠳᠤ ᠬᠦᠷᠲᠡᠭᠡᠬᠦ ᠶᠢ ᠬᠦᠰᠡᠮᠵᠢᠯᠡᠪᠡ᠃      ᠤᠰᠤᠨ ᠡᠷᠬᠢ ᠶᠢᠨ ᠰᠢᠨ᠎ᠡ ᠬᠤᠳᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠲᠤ᠂ ᠦ᠋ ᠶᠦᠨ ᠲᠤᠨᠤᠭ ᠲᠥᠬᠦᠭᠡᠷᠦᠮᠵᠢ ᠶᠢᠨ ᠬᠠᠮᠠᠭᠠᠯᠠᠯᠲᠠ᠂ ᠤᠶᠤᠨᠲᠤ ᠪᠠᠭᠠᠵᠢ ᠬᠡᠷᠡᠭᠰᠡᠯ ᠤᠨ ᠬᠡᠷᠡᠭᠯᠡᠯᠲᠡ ᠵᠡᠷᠭᠡ ᠬᠠᠮᠢᠶᠠᠷᠤᠯᠲᠠ ᠶᠢᠨ ᠨᠠᠷᠢᠨ ᠵᠦᠢᠯᠡᠰ ᠢ ᠪᠠᠶᠢᠴᠠᠭᠠᠨ ᠦᠵᠡᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠦᠷᠭᠦᠯᠵᠢᠯᠡᠨ ᠥᠨᠳᠥᠷ ᠪᠦᠲᠦᠮᠵᠢᠲᠡᠢ ᠪᠠᠷ ᠦᠢᠯᠡᠴᠢᠯᠡᠵᠦ᠂ ᠦᠨᠡᠨᠬᠦ ᠤᠯᠠᠨ ᠲᠦᠮᠡᠨ ᠤ ᠭᠡᠷ ᠤᠨ ᠡᠭᠦᠳᠡᠨ ᠳᠠᠬᠢ ᠪᠡᠶ᠎ᠡ ᠴᠢᠭᠢᠷᠠᠭᠵᠢᠭᠤᠯᠬᠤ ᠴᠡᠩᠭᠡᠯ ᠤᠨ ᠣᠷᠣᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠦ᠋ ᠶᠦᠨ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠰᠢᠢᠳᠪᠦᠷᠢᠯᠡᠬᠦ ᠠᠷᠭ᠎ᠠ ᠶᠢ ᠨᠠᠷᠢᠨ ᠬᠢᠨᠠᠮᠠᠭᠠᠢ ᠵᠥᠪᠳᠡᠯᠴᠡᠵᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠬᠤᠭᠤᠴᠠᠭ᠎ᠠ ᠶᠢ ᠲᠣᠳᠣᠷᠬᠠᠶᠢᠯᠠᠵᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠤᠴᠢᠷ ᠶᠠᠪᠤᠳᠠᠯ ᠢ ᠥᠪᠡᠷ ᠤᠨ ᠢᠶᠠᠨ ᠤᠴᠢᠷ ᠶᠠᠪᠤᠳᠠᠯ ᠪᠣᠯᠭᠠᠨ ᠰᠢᠢᠳᠪᠦᠷᠢᠯᠡᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠰᠢᠭᠤᠨ ᠤ ᠤᠳᠤᠷᠢᠳᠤᠯᠭ᠎ᠠ ᠸᠠᠩ ᠬᠠᠶ ᠹᠸᠡᠭ᠂ ᠯᠢ ᠬᠦᠶ ᠵᠢᠴᠢ ᠬᠠᠮᠢᠶ᠎ᠠ ᠪᠥᠬᠦᠶ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃                            
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ