ᠡᠵᠡᠨ ᠬᠤᠷᠤᠭ᠎ᠠ ᠬᠤᠰᠢᠭᠤᠨ ᠤ 2025 ᠣᠨ ᠤ ᠨᠡᠶᠢᠭᠡᠮ ᠤᠨ ᠠᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠯ᠎ᠡ
ᠨᠡᠶᠢᠲᠡᠯᠡᠭᠰᠡᠨ ᠴᠠᠭ᠄
2025/3/19
      3 ᠳ᠋ᠤᠭᠠᠷ ᠰᠠᠷ᠎ᠠ ᠶᠢᠨ 18᠎ ᠤ ᠡᠳᠦᠷ ᠪᠣᠯ ᠠᠷᠪᠠ ᠶᠢᠰᠤᠳᠡᠬᠢ ᠤᠳᠠᠭᠠᠨ ᠤ ᠳᠡᠯᠡᠬᠡᠶ ᠶᠢᠨ ᠨᠡᠶᠢᠭᠡᠮ ᠤᠨ ᠠᠵᠢᠯ ᠤᠨ ᠡᠳᠦᠷ ᠪᠣᠯᠤᠨ᠎ᠠ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠭᠤᠤᠯᠯᠠᠨ ᠡᠷᠭᠢᠯᠡᠭᠰᠡᠨ ︽ᠡᠶ᠎ᠡ ᠵᠣᠬᠢᠴᠠᠯ ᠲᠠᠢ ᠨᠡᠶᠢᠭᠡᠮ ᠢ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠥᠲᠥᠭᠡᠨ ᠪᠠᠶᠢᠭᠤᠯᠬᠤ ᠶᠢ ᠰᠠᠨᠠᠭᠠᠴᠢᠯᠠᠬᠤ︾᠎ ᠪᠠᠷ ᠭᠤᠤᠯ ᠰᠡᠳᠦᠪ ᠪᠣᠯᠭᠠᠭᠰᠠᠨ 2025 ᠣᠨ ᠤ ᠨᠡᠶᠢᠭᠡᠮ ᠤᠨ ᠠᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠨᠠᠷᠢᠠᠭᠤᠣᠯ ᠨᠡᠶᠢᠭᠡᠮ ᠲᠣᠭᠤᠷᠢᠭ ᠲᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ︽2024 ᠣᠨ ᠤ ᠪᠥᠬᠦ ᠬᠤᠰᠢᠭᠤᠨ ᠤ ︿ᠬᠠᠮᠤᠭ ᠤᠨ ᠭᠤᠶᠣ ᠨᠡᠶᠢᠭᠡᠮ ᠤᠨ ᠠᠵᠢᠯ ᠤᠨ ᠠᠵᠢᠯᠲᠠᠨ﹀ ︽ᠰᠢᠯᠢᠳᠡᠭ ᠲᠥᠷᠥᠯ ᠵᠦᠢᠯ︾᠎ ᠢ ᠲᠣᠭᠲᠠᠭᠠᠬᠤ ᠲᠤᠬᠠᠶ ᠮᠡᠳᠡᠭᠳᠡᠯ︾᠎ ᠢ ᠤᠩᠰᠢᠨ ᠨᠡᠶᠢᠲᠡᠯᠡᠵᠦ᠂ ︽ᠬᠠᠮᠤᠭ ᠤᠨ ᠭᠤᠶᠣ ᠨᠡᠶᠢᠭᠡᠮ ᠤᠨ ᠠᠵᠢᠯ ᠤᠨ ᠠᠵᠢᠯᠲᠠᠨ︾ ᠪᠠ ︽ᠰᠢᠯᠢᠳᠡᠭ ᠲᠥᠷᠥᠯ ᠵᠦᠢᠯ︾᠎ ᠤᠨ ᠬᠠᠷᠢᠭᠤᠴᠠᠯᠭᠠᠲᠠᠨ ᠢ ᠬᠥᠬᠢᠭᠦᠯᠦᠨ ᠰᠠᠶᠢᠰᠢᠶᠠᠪᠠ᠃ ᠪᠥᠬᠦ ᠬᠤᠰᠢᠭᠤᠨ ᠤ ᠠᠩᠬᠠᠨ ᠤ ᠪᠦᠯᠦᠭ ᠨᠡᠶᠢᠭᠡᠮ ᠤᠨ ᠠᠵᠢᠯ ᠢ ᠬᠢᠨᠠᠨ ᠵᠢᠯᠣᠭᠤᠳᠬᠤ ᠴᠢᠳᠠᠪᠤᠷᠢᠲᠠᠨ ᠤ ᠬᠥᠮᠥᠷᠭᠡ ᠶᠢᠨ ᠭᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃      ᠲᠤᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠤᠨ ᠠᠵᠢᠯ ᠤᠨ ᠲᠤᠬᠠᠢ ᠤᠬᠠᠭᠤᠯᠭ᠎ᠠ ᠶᠢ ᠴᠢᠨᠠᠭᠰᠢᠳᠠ ᠴᠢᠩᠭᠠᠳᠬᠠᠵᠤ᠂ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠪᠦᠬᠦ ᠨᠡᠶᠢᠭᠡᠮ ᠢᠶᠠᠷ ᠢᠶᠠᠨ ᠨᠡᠶᠢᠭᠡᠮ ᠤᠨ ᠠᠵᠢᠯ ᠢ ᠬᠠᠯᠠᠮᠵᠢᠯᠠᠨ ᠳᠡᠮᠵᠢᠬᠦ᠂ ᠨᠡᠶᠢᠭᠡᠮ ᠤᠨ ᠠᠵᠢᠯ ᠳᠤ ᠣᠷᠣᠯᠴᠠᠬᠤ ᠶᠢ ᠣᠶᠢᠯᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠬᠤᠰᠢᠭᠤᠴᠢ ᠣᠷᠣᠨ᠂ ᠦᠢᠯᠡᠰ ᠢ ᠬᠥᠭᠵᠢᠭᠦᠯᠵᠦ ᠠᠷᠠᠳ ᠢ ᠪᠠᠶᠠᠵᠢᠭᠤᠯᠬᠤ ᠵᠢᠱᠢᠶ᠎ᠡ ᠦᠵᠡᠭᠦᠯᠬᠦ ᠭᠠᠵᠠᠷ᠂ ᠨᠡᠩ ᠰᠠᠶᠢᠨ ᠰᠠᠶᠢᠬᠠᠨ ᠡᠵᠡᠨ ᠬᠤᠷᠤᠭ᠎ᠠ ᠶᠢᠨ ᠨᠡᠶᠢᠭᠡᠮ ᠢ ᠪᠠᠶᠢᠭᠤᠯᠬᠤ ᠶᠢᠨ ᠲᠦᠯᠤᠭᠡ ᠨᠡᠩ ᠤᠯᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠬᠦᠴᠦᠨ ᠴᠢᠳᠠᠯ ᠢᠶᠠᠨ ᠡᠷᠬᠦᠭᠰᠡᠨ ᠪᠠᠶᠢᠨ᠎ᠠ᠃                          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ