| ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠨᠢ ᠨᠡᠶᠢᠭᠡᠮ ᠨᠡᠶᠢᠲᠡ ᠶᠢᠨ ᠠᠩᠬᠠᠷᠤᠯ ᠢ ᠲᠠᠳᠠᠵᠤ ᠪᠠᠶᠢᠭ᠎ᠠ ᠨᠢᠭᠡᠨ ᠴᠢᠬᠤᠯᠠ ᠶᠠᠪᠤᠳᠠᠯ ᠪᠠᠶᠢᠵᠤ᠂ | ᠰᠤᠷᠭᠠᠨ ᠬᠥᠮᠦᠵᠢᠯ ᠤᠨ ᠶᠠᠮᠤᠨ ᠤ ᠬᠠᠮᠤᠭ ᠰᠢᠨ᠎ᠡ ᠨᠡᠶᠢᠲᠡᠯᠡᠭᠰᠡᠨ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠤᠯᠤᠰ ᠤᠨ ᠨᠢᠭᠡᠳᠤᠯᠳᠡᠢ ᠰᠢᠯᠭᠠᠯᠲᠠ ᠶᠢᠨ ᠰᠢᠨ᠎ᠡ | ᠲᠥᠷᠥ ᠶᠢᠨ ᠪᠣᠳᠣᠯᠭ᠎ᠠ ᠨᠢ ᠤᠯᠠᠮᠵᠢᠯᠠᠯᠲᠤ ᠮᠠᠶ᠋ᠢᠭ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠭᠡᠵᠦ ᠬᠤᠪᠢᠶᠠᠵᠤ ᠪᠠᠶᠢᠭᠰᠠᠨ ᠢ | ᠬᠤᠪᠢᠷᠠᠭᠤᠯᠤᠭᠠᠳ ︽3+1+2︾ ᠤᠨ ᠰᠢᠨ᠎ᠡ ᠰᠢᠯᠭᠠᠯᠲᠠ ᠶᠢᠨ ᠵᠠᠭᠪᠤᠷ ᠢ ᠭᠡᠷᠡᠭᠵᠢᠬᠦᠯᠬᠦ ᠪᠠᠷ ᠪᠤᠯᠤᠭᠰᠠᠨ ᠪᠠᠶᠢᠨ᠎ᠠ᠃ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠳᠠᠭᠠᠯᠳᠤᠨ᠂ ᠳᠡᠭᠡᠳᠦ ᠭᠤᠷᠪᠠ ᠶᠢᠨ ᠰᠤᠷᠤᠭᠴᠢᠳ ᠪᠣᠯᠤᠨ ᠭᠡᠷ ᠤᠨ ᠠᠬᠠᠮᠠᠳ ᠠᠯᠢ | ᠣᠯᠠᠨ ᠰᠢᠨ᠎ᠠ ᠠᠰᠠᠭᠤᠳᠠᠯ ᠳᠤ ᠲᠤᠯᠭᠠᠷᠠᠵᠤ᠂ ᠡᠵᠡᠨ ᠬᠤᠷᠤᠭ᠎ᠠ ᠬᠤᠰᠢᠭᠤ ᠶᠢᠨ ᠬᠢᠨ ᠪᠠᠭᠰᠢ ᠶᠢᠨ ᠬᠦᠴᠦᠨ᠂ ᠵᠢᠭᠠᠨ ᠰᠤᠷᠭᠠᠯᠲᠠ ᠶᠢᠨ ᠭᠠᠵᠠᠷ᠂ ᠲᠣᠨᠤᠭ | ᠲᠥᠬᠦᠭᠡᠷᠦᠮᠵᠢ ᠵᠡᠷᠭᠡ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂ ᠬᠦᠷᠦᠯᠴᠡᠬᠦ ᠥᠬᠡᠢ ᠲᠠᠯ᠎ᠠ ᠪᠠᠨ ᠨᠦᠬᠦᠪᠤᠷᠢᠯᠡᠨ᠂ | ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠴᠠ ᠶᠢᠨ ᠪᠠᠲᠤᠯᠠᠭ᠎ᠠ ᠶᠢ ᠴᠢᠩᠭᠠᠳᠬᠠᠨ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ ᠪᠤᠢ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠬᠢᠴᠢᠶᠡᠯ ᠲᠦᠷᠤᠯ ᠢᠶᠠᠨ ᠰᠣᠩᠭᠤᠨ | ᠠᠩᠭᠢ ᠪᠠᠨ ᠰᠤᠯᠢᠬᠤ ᠶᠢ ᠯᠠᠪᠳᠠᠭᠤᠨ ᠢᠶᠠᠷ ᠠᠬᠢᠭᠤᠯᠤᠨ᠂ ᠰᠤᠷᠤᠭᠴᠢᠳ ᠤᠨ ᠬᠥᠭᠵᠢᠯᠲᠡ ᠶᠢᠨ ᠵᠢᠯᠣᠭᠤᠳᠬᠤ ᠳᠦᠷᠢᠮ ᠢ ᠪᠠᠶᠢᠭᠤᠯᠵᠤ᠂ ︽ᠰᠤᠷᠤᠯᠴᠠᠬᠤ᠂ | ᠰᠢᠯᠭᠠᠬᠤ᠂ ᠵᠢᠭᠠᠨ ᠰᠤᠷᠭᠠᠬᠤ᠂ ᠦᠨᠡᠯᠡᠬᠦ︾ ᠪᠦᠬᠦ ᠬᠢᠯᠬᠢᠶ᠎ᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠨᠢᠭᠡᠳᠤᠯᠳᠡᠢ ᠰᠢᠯᠭᠠᠯᠳᠠ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ | ᠪᠠᠶᠢᠨ᠎ᠠ᠃ ᠡᠭᠦᠨ ᠤ ᠬᠠᠮᠲᠤ ᠳᠡᠭᠡᠳᠦ ᠱᠠᠲᠤᠨ ᠤ ᠵᠣᠷᠢᠭ ᠰᠠᠨᠠᠭ᠎ᠠ ᠶᠣᠰᠣᠭᠠᠷ᠂ ᠲᠤᠰ ᠲᠤᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠨ᠂ ᠦᠪᠡᠷ ᠦᠪᠡᠷ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ | ᠡᠷᠴᠢᠮ ᠲᠠᠢ ᠠᠬᠢᠭᠤᠯᠵᠤ ᠪᠠᠶᠢᠨ᠎ᠠ᠃ | | |