ᠡᠤ ᠶᠦᠨ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠪᠣᠯᠤᠨ ᠤᠯᠠᠭᠠᠨ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠵᠤ ᠰᠢᠨᠵᠢᠯᠡᠬᠦ ᠤᠬᠠᠭᠠᠨᠲᠠᠨ ᠪᠣᠯᠤᠨ ᠠᠵᠤ ᠠᠬᠤᠶᠢᠯᠠᠯᠲᠠᠳ ᠤᠨ ︽ᠭᠠᠷ ᠠᠳᠬᠤᠵᠤ︾ ᠰᠢᠨ᠎ᠡ ᠴᠢᠨᠠᠷ ᠤᠨ ᠦᠢᠯᠡᠳᠪᠤᠷᠢᠯᠠᠯ ᠤᠨ ᠬᠦᠴᠦᠨ ᠢ ᠬᠠᠮᠲᠤ ᠪᠠᠷ ᠡᠭᠦᠳᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/3/19
      3 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠣ ᠶᠦᠨ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠬᠢᠭᠡᠳ ᠤᠯᠠᠭᠠᠨ ᠪᠦᠯᠦᠭᠯᠡᠯ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠰᠢᠨᠵᠢᠯᠡᠬᠦ ᠤᠬᠠᠭᠠᠨᠲᠠᠨ ᠪᠤᠯᠤᠨ ᠠᠵᠤ ᠠᠬᠤᠶᠢᠯᠠᠯᠲᠠᠨ ᠤᠨ ︽ᠭᠠᠷ ᠠᠳᠬᠤᠵᠣ︾᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶ ᠨᠠᠶᠢᠳᠠᠪᠤᠷᠢᠵᠢᠭᠤᠯᠵᠣ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠢ ᠬᠠᠮᠲᠤᠪᠠᠷ ᠡᠭᠦᠳᠬᠦ ᠶᠢ ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃      ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᡁᠢ ᠵᠢᠶᠦ᠋ᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠠᠨᠢᠯᠴᠠᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠬᠤᠯᠠ ᠡᠯᠧᠮᠧᠨ᠋ᠲ ᠤᠨ ᠡᠬᠢ ᠪᠠᠶᠠᠯᠢᠭ ᠡᠯᠪᠡᠭ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠠᠪᠠᠭᠤᠯᠢᠭ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠳᠠᠯ ᠴᠢᠩᠭ᠎ᠠ ᠬᠦᠴᠦᠲᠡᠶ ᠪᠠᠶᠢᠨ᠎ᠠ᠂ ᠰᠤᠳᠤᠯᠭᠠᠨ ᠤ ᠬᠦᠷᠢᠶᠡᠯᠡᠩ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠬᠤ ᠰᠢᠨ᠎ᠡ ᠠᠷᠭ᠎ᠠ ᠵᠠᠮ ᠢ ᠬᠠᠮᠲᠤ ᠪᠠᠷ ᠵᠦᠪᠳᠡᠯᠴᠡᠬᠦ ᠪᠠᠨ ᠢᠯᠡᠳᠭᠡᠭᠰᠡᠨ ᠪᠠᠶᠢᠨ᠎ᠠ᠃      ᠤᠯᠠᠭᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠷᠦᠩ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠡᠨᠧᠷᠭᠢ ᠶᠢᠨ ᠬᠦᠷᠢᠶᠡᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠲᠤᠷᠰᠢᠯᠲᠠ ᠶᠢᠨ ᠲᠠᠰᠤᠭ  ᠤᠨ ᠦᠢᠯᠡᠳᠪᠦᠷᠢᠯᠡᠯ ᠤᠨ ᠱᠤᠭᠤᠮ ᠲᠡᠶᠢᠰᠢ ᠤᠷᠤᠭᠰᠢᠯᠠᠬᠤ ᠶᠢ ᠠᠬᠢᠭᠤᠯᠵᠤ᠂ ᠣᠷᠣᠨ ᠨᠤᠲᠤᠭ ᠪᠣᠯᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ︽ᠪᠣᠬᠢᠷᠲᠤᠯ ᠦᠭᠡᠢ ᠬᠥᠳᠡᠯᠭᠡᠬᠦ ᠬᠦᠴᠦᠨ︾ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃      ᠡᠣ ᠶᠦᠨ ᠬᠤᠶᠠᠷ ᠲᠠᠯ᠎ᠠ ᠶᠢᠨ ᠶᠠᠷᠢᠯᠴᠠᠭ᠎ᠠ ᠰᠣᠯᠢᠯᠴᠠᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠣᠳᠣᠬᠠᠨ ᠳᠤ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠳᠤ ᠰᠢᠨᠵᠢᠯᠡᠬᠦ ᠤᠬᠠᠭᠠᠨᠲᠠᠨ ᠤ ᠪᠦᠯᠬᠦᠮ ᠨᠡᠶᠢᠲᠡ ᠶᠢᠨ ᠣᠶᠤᠨ ᠤ ᠲᠤᠯᠭᠠᠭᠤᠷᠢᠯᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠂ ᠬᠦᠷᠢᠶᠡᠯᠡᠩ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠭᠦᠨ ᠳᠠᠪᠬᠤᠷᠭ᠎ᠠ ᠶᠢᠨ ᠨᠡᠭᠦᠷᠡᠰᠦᠨ ᠳᠠᠪᠬᠤᠷᠭ᠎ᠠ ᠶᠢᠨ ᠬᠡᠶ ᠶᠢ ᠨᠡᠭᠡᠭᠡᠨ ᠬᠥᠭᠵᠢᠭᠦᠯᠬᠦ᠂ ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠬᠠᠮᠵᠢᠯᠴᠠᠨ ᠰᠢᠨ᠎ᠡ ᠶᠢ ᠡᠭᠦᠳᠬᠦ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠬᠤ ᠬᠡᠷᠡᠭᠳᠡᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ᠂ ᠦᠢᠯᠡᠴᠢᠯᠡᠬᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠲᠠᠨ ᠬᠢᠭᠡᠳ ᠠᠵᠤ ᠠᠬᠤᠶᠢᠯᠠᠯᠲᠠᠨ ᠤᠨ ︽ᠭᠠᠷ ᠠᠳᠬᠤᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠬᠦᠴᠦ ᠳᠡᠯᠪᠢᠨ ᠲᠥᠷᠥᠯ ᠵᠤᠶᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠤᠰ ᠴᠢᠭᠯᠡᠯ ᠢᠶᠠᠷ ᠤᠷᠤᠭᠰᠢᠯᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠬᠦᠰᠡᠮᠵᠢᠯᠡᠪᠡ᠃                   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ