| ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠢ ᠭᠦᠨᠵᠡᠭᠡᠢ ᠲᠤᠭᠤᠰᠢᠯᠠᠭᠤᠯᠵᠣ᠂ ᠣᠷᠳᠣᠰ ᠬᠤᠲᠠ ᠶᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠢᠱᠢᠶ᠎ᠡ ᠦᠵᠡᠬᠦᠯᠬᠦ ᠬᠤᠲᠠ ᠪᠣᠯᠭᠠᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 14 ―16 ᠤ | ᠡᠳᠦᠷ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠲᠤ 2025 ᠣᠨ ᠤ ︽ᠪᠡᠶ᠎ᠡ ᠶᠢᠨ | ᠲᠠᠮᠢᠷ ᠤᠨ ᠶᠡᠷᠦᠩᠬᠡᠢ ᠡᠪᠯᠡᠯ ᠬᠤᠨᠳᠠᠭᠠᠲᠤ︾ ᠭᠤᠷᠪᠠᠨ ᠬᠥᠮᠦᠨ ᠤ ᠳᠦᠷᠢᠮᠲᠦ ᠰᠠᠭᠰᠤᠨ ᠪᠥᠮᠪᠦᠭᠡ ᠶᠢᠨ ᠤᠷᠤᠯᠳᠤᠭᠠᠨ ᠢ ᠠᠮᠵᠢᠯᠲᠠᠲᠠᠢ ᠡᠷᠬᠢᠯᠡᠵᠡᠢ᠃ | ᠲᠤᠰ ᠤᠳᠠᠭ᠎ᠠ ᠶᠢᠨ ᠤᠷᠤᠯᠳᠤᠭᠠᠨ ᠳᠤ 24 ᠳᠤᠭᠤᠶᠢᠯᠠᠩ ᠤᠨ 150 ᠭᠠᠷᠤᠢ ᠲᠠᠮᠢᠷᠴᠢᠨ ᠢᠳᠡᠪᠬᠢᠲᠡᠢ ᠣᠷᠣᠯᠴᠠᠵᠤ᠂ ᠪᠦᠬᠦ ᠬᠤᠰᠢᠭᠤᠨ ᠳᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠭᠠᠷᠤᠭᠰᠠ ᠪᠠᠶᠢᠨ᠎ᠠ᠃ ᠲᠤᠰ ᠤᠳᠠᠭ᠎ᠠ ᠶᠢᠨ ︽ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ | ᠬᠤᠨᠳᠠᠭᠠᠲᠤ︾ ᠭᠤᠷᠪᠠᠨ ᠬᠥᠮᠦᠨ ᠤ ᠳᠦᠷᠢᠮᠲᠦ ᠰᠠᠭᠰᠤᠨ ᠪᠥᠮᠪᠦᠭᠡ ᠶᠢᠨ ᠤᠷᠤᠯᠳᠤᠭᠠᠨ ᠨᠢ ᠰᠠᠭᠰᠤᠨ ᠪᠥᠮᠪᠦᠭᠡ ᠶᠢᠨ ᠳᠤᠷ᠎ᠠ ᠪᠠᠭ᠋ᠠᠳᠠᠳ ᠲᠤ ᠮᠡᠷᠭᠡᠵᠢᠯ | ᠴᠢᠳᠠᠪᠤᠷᠢ ᠪᠠᠨ ᠰᠤᠯᠢᠯᠴᠠᠬᠤ ᠲᠠᠪᠴᠠᠩ ᠢ ᠬᠠᠩᠭᠠᠭᠰᠠᠨ ᠢᠶᠠᠷ ᠪᠠᠷᠠᠬᠤ ᠦᠭᠡᠢ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠠᠯ᠎ᠠ ᠳᠤ ᠴᠤ ᠨᠡᠩ | ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃ | ᠬᠤᠶᠢᠰᠢᠳᠠ᠂ ᠮᠠᠨ ᠤ ᠬᠤᠰᠢᠭᠤ ᠦᠷᠭᠦᠯᠵᠢᠯᠡᠨ ᠣᠯᠠᠨ ᠶᠠᠩᠵᠤ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯ ᠦᠢᠯᠡᠰ ᠤᠨ ᠭᠦᠨᠵᠡᠭᠡᠢ ᠬᠥᠭᠵᠢᠯᠲᠡ ᠶᠢ ᠠᠬᠢᠭᠤᠯᠤᠨ᠂ ᠣᠷᠳᠣᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ | ᠦᠵᠡᠬᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | | |