ᠡᠤ ᠶᠦᠨ ᠬᠤᠢ ᠶᠤᠸᠠᠨ ᠪᠦᠯᠦᠭᠯᠡᠯ ᠎ ᠳᠤ ᠬᠦᠷᠴᠤ ᠬᠤᠳᠠᠯᠳᠤᠭᠠᠴᠢᠨ ᠤᠷᠢᠵᠤ  ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/3/20
      ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠪᠦᠯᠬᠦᠮ ᠳᠠᠭᠠᠭᠤᠯᠤᠨ ᠬᠤᠶ ᠶᠤᠸᠠᠨ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠬᠤᠢ ᠶᠤᠸᠠᠨ ᠰᠣᠶᠣᠯ ᠤᠨ ᠦᠵᠡᠭᠦᠯᠭᠡ ᠶᠢᠨ ᠲᠢᠩᠬᠢᠮ᠂ ᠠᠮᠢ ᠠᠬᠤᠢ ᠶᠢᠨ ᠵᠢᠮᠢᠰ ᠤᠨ ᠬᠦᠷᠢᠶᠡᠯᠡᠩ ᠵᠢᠴᠢ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠬᠤᠢ ᠶᠤᠸᠠᠨ ᠪᠦᠯᠦᠭᠯᠡᠯ ᠤᠨ ᠬᠥᠭᠵᠢᠯᠲᠡ ᠶᠢᠨ ᠶᠠᠪᠤᠴᠠ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠨᠠᠷᠢᠨ ᠣᠶᠢᠯᠠᠭᠠᠬᠤ ᠶᠢᠨ ᠬᠠᠮᠲᠤ ᠬᠤᠢ ᠶᠤᠸᠠᠨ ᠪᠦᠯᠦᠭᠯᠡᠯ ᠤᠨ ᠳᠡᠳ᠋ ᠬᠡᠷᠡᠭ ᠮᠡᠳᠡᠭᠴᠢᠳ ᠤᠨ ᠳᠠᠷᠤᠭ᠎ᠠ᠂ ᠭᠦᠢᠴᠡᠳᠬᠡᠭᠴᠢ ᠶᠡᠷᠦᠩᠬᠡᠢ ᠵᠠᠬᠢᠷᠤᠭᠴᠢ ᠵᠠᠩ ᠴᠤᠸᠠᠨ ᠯᠢᠶᠠᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠬᠠᠮᠲᠤᠷᠠᠯᠴᠠᠭᠠᠨ ᠤ ᠲᠤᠬᠠᠢ ᠭᠦᠨᠵᠡᠭᠡᠢ ᠰᠣᠯᠢᠯᠴᠠᠪᠠ᠃      ᠵᠠᠩ ᠴᠤᠸᠠᠨ ᠯᠢᠶᠠᠩ᠂ ᠬᠤᠢ ᠶᠤᠸᠠᠨ ᠪᠦᠯᠦᠭᠯᠡᠯ ᠤᠨ ᠦᠢᠯᠡᠳᠪᠦᠷᠢᠯᠡᠯ ᠤᠨ ᠬᠡᠪᠴᠢᠶ᠎ᠡ᠂ ᠦᠢᠯᠡᠳᠬᠦᠨ ᠤ ᠱᠤᠭᠤᠮ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠢ ᠶᠤᠸᠠᠨ ᠪᠦᠯᠦᠭᠯᠡᠯ ᠳᠤ ᠡᠵᠡᠨ ᠬᠤᠷᠤᠭ᠎ᠠ ᠬᠤᠰᠢᠭᠤᠨ ᠤ ᠠᠮᠢ ᠠᠬᠤᠢ ᠶᠢᠨ ᠡᠬᠢ ᠪᠠᠶᠠᠯᠢᠭ᠂ ᠲᠠᠷᠢᠶᠠᠯᠠᠩ ᠢ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠵᠡᠷᠭᠡ ᠡᠬᠢ ᠪᠠᠶᠠᠯᠢᠭ ᠤᠨ ᠬᠡᠷᠡᠭᠴᠡᠭᠡ ᠨᠡᠯᠢᠶᠡᠳ ᠶᠡᠭᠡ ᠪᠠᠶᠢᠨ᠎ᠠ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠣᠯᠢᠯᠴᠠᠬᠤ ᠪᠠᠷ ᠠᠵᠠ ᠲᠣᠬᠢᠶᠠᠯ ᠪᠣᠯᠭᠠᠵᠤ᠂ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃       ᠡᠤ ᠶᠦᠨ ᠡᠵᠡᠨ ᠬᠤᠷᠤᠭ᠎ᠠ ᠬᠤᠰᠢᠭᠤᠨ ᠤ ᠭᠠᠵᠠᠷ ᠵᠦᠶ ᠶᠢᠨ ᠪᠠᠶᠢᠷᠢᠯᠠᠯ᠂ ᠠᠮᠢ ᠠᠬᠤᠶ ᠣᠷᠴᠢᠨ ᠲᠣᠭᠤᠷᠢᠨ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠵᠤ᠂ ᠬᠤᠶ ᠶᠤᠸᠠᠨ ᠪᠦᠯᠦᠭᠯᠡᠯ ᠲᠠᠢ ᠬᠠᠮᠲᠤᠷᠠᠨ ᠠᠵᠢᠯᠯᠠᠬᠤ ᠪᠠᠷ ᠳᠡᠮᠵᠢᠨ᠂ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ  ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠢ ᠪᠠᠶᠢᠭᠤᠯᠤᠨ᠂ ᠵᠠᠬ᠎ᠠ ᠳᠡᠯᠭᠡᠭᠦᠷ ᠤᠨ ᠣᠯᠠᠨ ᠶᠠᠩᠵᠤᠴᠢᠯᠠᠭᠰᠠᠨ᠂ ᠳᠡᠭᠡᠳᠦ ᠲᠠᠰ ᠤᠨ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠵᠤ᠂ ᠲᠤᠬᠠᠶ ᠶᠢᠨ ᠭᠠᠵᠠᠷ ᠤᠨ ᠰᠠᠶᠢᠨ ᠦᠢᠯᠡᠳᠬᠦᠨ ᠢᠶᠠᠨ ᠰᠠᠶᠢᠨ ᠦᠨ᠎ᠡ ᠪᠠᠷ ᠬᠤᠳᠠᠯᠳᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠶᠢ ᠬᠦᠰᠡᠮᠵᠢᠯᠡᠪᠡ᠃       ᠬᠤᠢ ᠶᠤᠸᠠᠨ ᠪᠦᠯᠦᠭᠯᠡᠯ ᠢ ᠡᠵᠡᠨ ᠬᠤᠷᠤᠭ᠎ᠠ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠣᠷᠢᠵᠤ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠣᠷᠴᠢᠨ ᠲᠣᠭᠤᠷᠢᠨ ᠵᠢᠴᠢ ᠳᠠᠪᠠᠭᠤᠯᠢᠭ ᠢ ᠭᠦᠨᠵᠡᠭᠡᠶ ᠣᠶᠢᠯᠠᠭᠠᠵᠤ᠂ ᠬᠠᠮᠲᠤᠷᠠᠯᠴᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠦᠰᠡᠮᠵᠢᠯᠡᠭᠰᠡᠨ ᠪᠠᠶᠢᠨ᠎ᠠ᠃       ᠬᠤᠤ ᠸᠧᠢ᠂ ᠸᠠᠩ ᠬᠠᠢ ᠹᠧᠩ᠂ ᠳ᠋ᠢᠩ ᠰᠢᠶᠠᠩ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃             
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ