ᠡᠵᠡᠨ ᠬᠤᠷᠤᠭ᠎ᠠ ᠬᠤᠰᠢᠭᠤᠨ ᠤ X622 ᠱᠤᠭᠤᠮ ᠳᠤ ᠰᠢᠨ᠎ᠡ ᠪᠠᠷ ᠵᠠᠮ ᠬᠠᠷᠢᠯᠴᠠᠭᠠᠨ ᠤ ᠬᠠᠤᠯᠢ ᠪᠤᠰᠤ ᠠᠵᠢᠯᠯᠠᠭ᠎ᠠ ᠶᠢ ᠵᠠᠪᠳᠤᠨ ᠰᠡᠭᠦᠳᠡᠷᠯᠡᠬᠦ ᠲᠥᠬᠦᠭᠡᠷᠦᠮᠵᠢ ᠨᠡᠮᠡᠪᠡ
ᠨᠡᠶᠢᠲᠡᠯᠡᠭᠰᠡᠨ ᠴᠠᠭ᠄
2025/3/20
      ᠡᠵᠡᠨ ᠬᠤᠷᠤᠭ᠎ᠠ ᠬᠤᠰᠢᠭᠤᠨ ᠤ ᠬᠠᠷᠢᠶᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ X622 ᠱᠤᠭᠤᠮ ︵ᠠᠯᠳᠠᠨᠰᠢᠷᠡᠭᠡᠳᠤ ᠠᠴᠠ ᠲᠤᠬᠤᠢ ᠶᠢᠨ ᠵᠣᠣ ᠬᠦᠷᠬᠦ ᠱᠤᠭᠤᠮ︶᠎ ᠤᠨ 42 ᠺᠢᠯᠣᠮᠧᠲᠷ 245 ᠮᠧᠲᠷ ᠤᠨ ᠵᠠᠮ ᠤᠨ ᠬᠡᠰᠡᠭ ᠤᠨ ᠲᠡᠷᠭᠡ ᠬᠦᠰᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠪᠳᠤᠨ ᠰᠡᠬᠦᠳᠡᠷᠯᠡᠬᠦ ᠪᠠᠷ ᠳᠤᠭᠲᠠᠭᠰᠠᠨ ᠪᠦᠭᠡᠳ 2025 ᠣᠨ ᠤ 3 ᠳ᠋ᠤᠭᠠᠷ ᠰᠠᠷ᠎ᠠ ᠶᠢᠨ 22᠎ ᠤᠨ ᠡᠳᠦᠷ ᠠᠴᠠ ᠵᠢᠩᠬᠢᠨᠢ ᠪᠠᠷ ᠭᠡᠷᠡᠭᠯᠡᠯᠳᠡ ᠳᠤ ᠤᠷᠤᠭᠤᠯᠤᠨ᠎ᠠ᠃ ᠥᠷᠭᠡᠨ ᠣᠯᠠᠨ ᠵᠢᠯᠣᠭᠤᠴᠢ ᠨᠠᠷ ᠵᠠᠮ ᠬᠠᠷᠢᠯᠴᠠᠭᠠᠨ ᠤ ᠬᠠᠤᠯᠢ ᠲᠦᠷᠢᠮ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢ ᠰᠠᠨᠠᠭᠤᠯᠵᠤ ᠪᠠᠶᠢᠨ᠎ᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ