| ᠲᠣᠭᠤᠷᠢᠨ ᠬᠠᠮᠠᠭᠠᠯᠠᠬᠤ ᠠᠩᠬᠢ ᠶᠢᠨ ᠭᠡᠰᠢᠭᠦᠳ ᠤᠨ ᠶᠡᠷᠦᠩᠬᠡᠢ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ | ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠭᠤᠷᠢᠨ ᠬᠠᠮᠠᠭᠠᠯᠠᠬᠤ ᠲᠥᠪ ᠤᠨ ᠬᠢᠨ ᠲᠦᠮᠡᠨ ᠮᠦ ᠶᠢᠨ | ᠬᠠᠶᠢᠯᠠᠷ ᠨᠠᠷᠠᠰᠤᠨ ᠤ ᠰᠠᠭᠤᠷᠢᠨ ᠳᠤ 15 ᠺᠢᠯᠤᠮᠧᠲᠷ ᠤᠨ ᠬᠡᠭᠡᠷ᠎ᠡ ᠶᠢᠨ ᠠᠶᠠᠨ ᠤ ᠪᠤᠯᠪᠠᠰᠣᠷᠠᠯ ᠥᠷᠨᠢᠭᠦᠯᠵᠡᠢ᠃ | ᠪᠤᠯᠪᠠᠰᠤᠷᠠᠯ ᠤᠨ ᠶᠠᠪᠤᠴᠠ ᠳᠤ᠂ ᠪᠦᠬᠦᠳᠡᠭᠡᠷ ᠢᠶᠠᠨ ᠭᠠᠯ ᠰᠡᠷᠭᠡᠶᠢᠯᠡᠬᠦ ᠬᠤᠪᠴᠠᠰᠤ᠂ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ ᠵᠡᠷᠭᠡ | ᠲᠦᠬᠦᠭᠡᠷᠤᠮᠵᠢ ᠶᠢ ᠡᠭᠦᠷᠴᠦ᠂ ᠭᠤᠤᠯᠳᠠᠯᠭ᠎ᠠ ᠲᠠᠢ ᠭᠠᠯ ᠤᠨᠳᠠᠷᠠᠭᠠᠬᠤ ᠣᠷᠣᠨ ᠤ ᠵᠠᠮ ᠪᠠ ᠰᠢᠭᠤᠶᠢᠲᠤ ᠣᠷᠣᠨ ᠳᠤ ᠣᠶ ᠰᠢᠭᠤᠶ ᠶᠢᠨ ᠭᠠᠯ ᠤᠨ ᠠᠶᠤᠯ ᠤᠨ | ᠲᠠᠯᠠᠪᠤᠷ ᠢ ᠳᠠᠭᠤᠷᠢᠶᠠᠨ᠂ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ ᠪᠠ ᠬᠤᠶᠠᠳᠤᠭᠠᠷ ᠪᠠᠭᠠᠵᠢ ᠶᠢ ᠬᠡᠷᠡᠭᠯᠡᠨ ᠭᠠᠯ ᠤᠨᠲᠠᠷᠠᠭᠠᠬᠤ ᠰᠣᠷᠢᠯᠲᠠ ᠬᠢᠵᠡᠶ ᠃ | ᠲᠤᠰ ᠤᠳᠠᠭ᠎ᠠ ᠶᠢᠨ ᠬᠡᠭᠡᠷ᠎ᠡ ᠶᠢᠨ ᠠᠶᠠᠨ ᠤ ᠪᠣᠯᠪᠠᠰᠤᠷᠠᠯ ᠨᠢ ᠪᠦᠬᠦ ᠭᠡᠰᠢᠭᠦᠳ ᠤᠨ ᠲᠠᠮᠢᠷ ᠲᠡᠩᠬᠡᠭᠡ ᠪᠣᠯᠤᠨ ᠤᠷ᠎ᠠ ᠴᠢᠳᠠᠪᠤᠷᠢ ᠶᠢᠨ ᠰᠢᠯᠭᠠᠯᠲᠠ ᠪᠣᠯᠬᠤ ᠪᠠᠷ | ᠪᠠᠷᠠᠬᠤ ᠦᠭᠡᠢ᠂ ᠨᠡᠩ ᠴᠤ ᠲᠡᠳᠡᠨ ᠤ ᠵᠣᠷᠢᠭ ᠰᠠᠨᠠᠭ᠎ᠠ ᠵᠠᠩ ᠴᠢᠨᠠᠷ ᠤᠨ ᠳᠠᠪᠲᠠᠯᠲᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠭᠤᠷᠢᠨ ᠬᠠᠮᠠᠭᠠᠯᠠᠬᠤ ᠲᠥᠪ ᠤᠨ ᠬᠢᠨ ᠲᠣᠰ ᠤᠳᠠᠭᠠᠨ ᠤ ᠪᠣᠯᠪᠠᠰᠤᠷᠠᠯ ᠢᠶᠠᠷ ᠰᠢᠨ᠎ᠡ ᠭᠠᠷᠤᠭ᠎ᠠ | ᠪᠣᠯᠭᠠᠵᠤ᠂ ︽ᠪᠣᠯᠪᠠᠰᠤᠷᠠᠯ ᠢᠶᠠᠷ ᠪᠠᠶᠢᠯᠳᠤᠭᠠᠨ ᠢ ᠤᠷᠤᠯᠠᠬᠤ︾ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠡᠭᠡᠷ᠎ᠡ ᠶᠢᠨ ᠪᠣᠳᠠᠲᠤ ᠪᠠᠶᠢᠯᠳᠤᠭᠠᠨ ᠤ | ᠪᠣᠯᠪᠠᠰᠤᠷᠠᠯ ᠰᠣᠷᠢᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠡᠩᠨᠡᠭᠡᠨ ᠤ ᠶᠡᠷᠦᠩᠬᠡᠶ ᠬᠡᠪ ᠴᠢᠨᠠᠷ ᠪᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠬᠤᠶᠢᠰᠢᠳᠠ ᠶᠢᠨ ᠡᠯ᠎ᠡ ᠵᠤᠶᠢᠯ ᠤᠨ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ |