ᠡᠵᠡᠨ ᠬᠤᠷᠤᠭ᠎ᠠ ᠬᠤᠰᠢᠭᠤ᠄ ᠮᠢᠬᠠᠨ ᠬᠤᠨᠢᠨ ᠤ ᠣᠶᠤᠨᠴᠢ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠳᠤ ︽ᠲᠦᠷᠭᠡᠨ ᠤ ᠳᠠᠷᠤᠪᠴᠢ︾᠎ ᠶᠢ ᠳᠠᠷᠤᠪᠠ
ᠨᠡᠶᠢᠲᠡᠯᠡᠭᠰᠡᠨ ᠴᠠᠭ᠄
2025/3/20
      ᠣᠶᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨ ᠮᠠᠯ ᠠᠵᠤ ᠠᠬᠤᠶ ᠶᠢᠨ ᠮᠡᠷᠭᠡᠵᠢᠯ ᠤᠨ ᠲᠠᠰᠤᠭ ᠤᠨ ᠬᠠᠮᠢᠶ᠎ᠠ ᠪᠥᠬᠦᠶ ᠠᠵᠢᠯᠲᠠᠨ ᠢᠶᠠᠨ ᠳᠠᠭᠠᠭᠤᠯᠤᠨ᠂ ᠬᠤᠨᠢᠴᠢᠠᠭᠤᠣᠯ ᠪᠠᠯᠭᠠᠰᠤ᠂ ᠰᠤᠪᠤᠷᠭ᠎ᠠ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠳᠤ ᠬᠦᠷᠴᠦ᠂ ᠲᠦᠷᠦᠭᠦᠤ ᠪᠦᠯᠦᠭ ᠤᠨ 3 ᠮᠢᠬᠠᠨ ᠬᠤᠨᠢᠨ ᠤ ᠤᠶᠤᠨᠲᠤ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠲᠤ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠬᠢᠵᠦ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠡᠷᠴᠢ ᠵᠣᠷᠢᠭ ᠢ ᠨᠢ ᠬᠥᠪᠴᠢᠯᠡᠪᠡ᠃      ᠡᠵᠡᠨ ᠬᠤᠷᠤᠭ᠎ᠠ ᠬᠤᠰᠢᠭᠤᠨ ᠤ ᠮᠢᠬᠠᠨ ᠬᠤᠨᠢᠨ ᠤ ᠤᠶᠤᠨᠲᠤ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 64 ᠲᠦᠮᠡᠨ ᠲᠥᠭᠦᠷᠢᠭ ᠤᠨ ᠲᠤᠰᠬᠠᠶ ᠨᠥᠬᠦᠪᠥᠷᠢ ᠣᠷᠣᠭᠤᠯᠵᠤ᠂ ᠪᠠᠷᠢᠮᠵᠢᠶ᠎ᠠ ᠳᠤ ᠬᠦᠷᠦᠭᠰᠡᠨ ᠮᠠᠯᠵᠢᠯ ᠤᠨ ᠲᠠᠯᠠᠪᠠᠶ ᠳᠤ ᠣᠶᠤᠨᠴᠢ ᠲᠡᠵᠢᠭᠡᠪᠦᠷᠢ᠂ ᠣᠷᠴᠢᠨ ᠲᠣᠭᠤᠷᠢᠨ ᠢ ᠬᠢᠨᠠᠨ ᠬᠡᠮᠵᠢᠬᠦ᠂ ᠢᠯᠭᠠᠳᠠᠰᠤ ᠶᠢᠨ ᠪᠣᠬᠢᠷᠲᠤᠯ ᠢ ᠰᠢᠢᠳᠪᠦᠷᠢᠯᠡᠬᠦ ᠵᠡᠷᠭᠡ ᠲᠥᠬᠦᠭᠡᠷᠦᠮᠵᠢ ᠲᠤᠬᠢᠷᠠᠭᠤᠯᠵᠣ᠂ ᠨᠢᠭᠡ ᠡᠷᠦᠬᠡ ᠳᠤ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠤᠨ ᠨᠥᠬᠦᠪᠥᠷᠢ ᠦᠭᠬᠦᠭᠰᠡᠨ ᠪᠠᠶᠢᠨ᠎ᠠ᠃      ᠡᠵᠡᠨ ᠬᠤᠷᠤᠭ᠎ᠠ ᠪᠠᠯᠭᠠᠰᠤᠨ ᠳᠤ᠂ ᠬᠤᠢ ᠹᠧᠩ ᠲᠠᠷᠢᠵᠤ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ︽ᠨᠢᠭᠡ ᠯᠡ ᠳᠠᠷᠤᠭᠤᠯ ᠢᠶᠠᠷ ᠲᠡᠵᠢᠭᠡᠬᠦ︾ ᠴᠢᠳᠠᠪᠬᠢ ᠶᠢ ᠦᠵᠡᠭᠦᠯᠪᠡ᠃ ᠥᠩᠭᠡᠷᠡᠭᠰᠡᠨ ᠳᠤ 2000 ᠬᠤᠨᠢ ᠶᠢ 5 ᠬᠥᠮᠦᠨ ᠲᠡᠵᠢᠭᠡᠵᠦ ᠪᠠᠶᠢᠭᠰᠠᠨ ᠨᠢ ᠤᠳᠤ ᠬᠠᠷᠢᠨ 2 ᠬᠥᠮᠦᠨ ᠴᠤ ᠠᠮᠠᠷᠬᠠᠨ ᠬᠠᠮᠢᠶᠠᠷᠤᠯᠳᠠ ᠬᠢᠵᠦ ᠴᠢᠳᠠᠬᠤ ᠪᠤᠯᠣᠭᠰᠠᠨ ᠪᠠᠶᠢᠨ᠎ᠠ᠃ ᠪᠠᠷᠢᠯᠭ᠎ᠠ ᠪᠠᠨ ᠡᠬᠢᠯᠡᠬᠦᠯᠦᠭᠰᠡᠨ ᠦᠭᠡᠢ ᠬᠤᠨᠢᠴᠢᠠᠭᠤᠣᠯ ᠪᠠᠯᠭᠠᠰᠤ ᠪᠣᠯᠤᠨ ᠰᠤᠪᠤᠷᠭ᠎ᠠ ᠪᠠᠯᠭᠠᠰᠤᠨ ᠳᠤ ᠪᠠᠶᠢᠭ᠎ᠠ ᠪᠠᠷᠢᠯᠭ᠎ᠠ ᠶᠢᠨ ᠴᠡᠭ ᠨᠢ 3 ᠳ᠋ᠤᠭᠠᠷ ᠰᠠᠷ᠎ᠠ ᠳᠤ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ 6 ᠳ᠋ᠤᠭᠠᠷ ᠰᠠᠷ᠎ᠠ ᠳᠤ ᠰᠢᠯᠭᠠᠨ  ᠬᠤᠷᠢᠶᠠᠯᠳᠠ ᠬᠢᠵᠦ ᠠᠵᠢᠯᠯᠠᠭᠤᠯᠬᠤ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠮᠢᠬᠠᠨ ᠬᠤᠨᠢᠨ ᠤ ᠣᠶᠤᠨᠴᠢ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡᠯ ᠭᠤᠷᠪᠠᠨ ᠳᠠᠪᠠᠭᠤᠯᠢᠭ ᠲᠠᠯ᠎ᠠ ᠪᠤᠢ᠃ ᠲᠠᠷᠤᠢ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ᠄ ᠣᠶᠤᠨᠴᠢ ᠲᠡᠵᠢᠭᠡᠪᠦᠷᠢ ᠶᠢᠨ ᠰᠢᠰᠲ᠋ᠧᠮ ᠳᠤ ᠨᠠᠷᠢᠯᠢᠭ ᠣᠨᠣᠪᠴᠢᠲᠠᠢ ᠪᠠᠷ ᠮᠠᠲ᠋ᠧᠷᠢᠶᠠᠯ ᠣᠷᠣᠭᠤᠯᠵᠤ ᠴᠢᠳᠠᠨ᠎ᠠ᠂ ᠵᠢᠱᠢᠯᠲᠡ ᠪᠠᠷ ᠵᠢᠯ ᠳᠤ ᠨᠢᠭᠡ ᠡᠷᠦᠬᠡ ᠶᠢᠨ ᠡᠪᠡᠰᠦ ᠪᠣᠷᠳᠤᠭ᠎ᠠ ᠶᠢᠨ ᠥᠪᠡᠷ ᠤᠨ ᠥᠷᠲᠡᠭ ᠢ 15%᠎ ᠪᠠᠷ ᠠᠷᠪᠢᠯᠠᠨ᠎ᠠ᠃ ᠦᠷ᠎ᠡ ᠠᠰᠢᠭ ᠢ ᠨᠡᠮᠡᠭᠳᠡᠭᠦᠯᠬᠦ  ᠲᠠᠯ᠎ᠠ ᠪᠠᠷ᠄ ᠬᠥᠮᠦᠨ ᠤ ᠬᠦᠴᠦᠨ ᠤ ᠦᠷ᠎ᠡ ᠠᠰᠢᠭ ᠢ 40% ᠳᠡᠭᠡᠭᠰᠢᠯᠡᠭᠦᠯᠵᠦ᠂ ᠥᠨᠳᠥᠷ ᠬᠥᠳᠡᠯᠮᠦᠷᠢ ᠬᠦᠴᠦᠨ ᠤ ᠣᠷᠣᠭᠤᠯᠤᠯᠲᠠ ᠶᠢ ᠪᠠᠭᠠᠰᠬᠠᠨ᠎ᠠ᠃ ᠪᠣᠬᠢᠷᠲᠤᠯ ᠥᠬᠡᠶ ᠲᠠᠯ᠎ᠠ ᠪᠠᠷ᠄ ᠢᠯᠭᠠᠳᠠᠰᠤ ᠶᠢᠨ ᠪᠣᠬᠢᠷᠲᠤᠯ ᠤᠨ ᠡᠬᠢ ᠪᠠᠶᠠᠯᠢᠭᠵᠢᠯᠲᠠ ᠶᠢᠨ ᠨᠣᠷᠮ᠎ᠠ 90%᠎ ᠶᠢ ᠳᠠᠪᠠᠵᠤ᠂ ᠬᠠᠶᠠᠭᠳᠠᠮᠠᠯ ᠢ ᠡᠷᠳᠡᠨᠢ  ᠪᠤᠯᠭᠠᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ