ᠠᠯᠲᠠᠨᠰᠢᠷᠡᠭᠡᠲᠦ ᠪᠠᠯᠭᠠᠰᠤᠨ ᠤ GYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠭᠰᠡᠨ
ᠨᠡᠶᠢᠲᠡᠯᠡᠭᠰᠡᠨ ᠴᠠᠭ᠄
2025/3/20
      3 ᠳ᠋ᠤᠭᠠᠷ ᠰᠠᠷ᠎ᠠ ᠶᠢᠨ 17 ᠤ ᠡᠳᠦᠷ᠂ ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠢᠯᠡᠰ ᠤᠨ ᠲᠥᠪ᠂ ᠠᠯᠲᠠᠨᠰᠢᠷᠡᠭᠡᠲᠦ ᠪᠠᠯᠭᠠᠰᠤᠨ ᠤ ᠨᠡᠶᠢᠭᠡᠮ ᠤᠨ ᠶᠠᠪᠤᠳᠠᠯ ᠤᠨ ᠠᠯᠪᠠᠨ ᠬᠡᠷ ᠠᠴᠠ ᠬᠠᠮᠲᠤᠷᠠᠨ ᠡᠷᠬᠢᠯᠡᠭᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠤᠯᠬᠤ 2025 ᠣᠨ ᠤ GYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠮᠢ ᠳ᠋ᠦᠸᠧ ᠳ᠋ᠦᠸᠧ ᠤᠷ᠎ᠠ ᠮᠡᠷᠭᠡᠵᠢᠯ ᠤᠨ ᠴᠢᠳᠠᠪᠤᠷᠢᠲᠠᠨ ᠢ ᠨᠡᠪᠴᠢᠭᠦᠯᠬᠦ ᠰᠠᠭᠤᠷᠢᠨ ᠭᠠᠵᠠᠷ ᠲᠤ ᠬᠢᠴᠢᠶᠡᠯ ᠡᠬᠢᠯᠡᠵᠦ᠂ ᠬᠠᠷᠢᠶ᠎ᠠ ᠣᠷᠣᠨ ᠤ 20 ᠭᠠᠷᠤᠶ ᠬᠥᠮᠦᠨ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠣᠯᠪᠠᠰᠤᠷᠠᠯ ᠨᠢ ᠦᠢᠯᠡᠰ ᠴᠣᠭᠴᠠᠯᠠᠬᠤ ᠣᠭ ᠰᠠᠨᠠᠭ᠎ᠠ ᠬᠢᠭᠡᠳ ᠠᠶᠤᠯ ᠲᠦᠭᠰᠢᠭᠦᠷᠢ ᠶᠢ ᠲᠠᠨᠢᠨ ᠮᠡᠳᠡᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠵᠠᠳᠠᠯᠬᠤ᠂ ᠲᠣᠰ ᠭᠠᠵᠠᠷ ᠤᠨ ᠡᠬᠢ ᠪᠠᠶᠠᠯᠢᠭ ᠬᠢᠭᠡᠳ ᠠᠵᠤ ᠦᠢᠯᠡᠰ ᠤᠨ ᠳᠠᠪᠠᠭᠤᠯᠢᠭ ᠢ ᠠᠭᠤᠳᠠᠯᠬᠤ ᠵᠡᠷᠭᠡ ᠠᠭᠤᠯᠭ᠎ᠠ ᠶᠢᠨ ᠲᠠᠯ᠎ᠠ ᠪᠠᠷ ᠬᠢᠴᠢᠶᠡᠯᠯᠡᠵᠦ᠂ ᠦᠢᠯᠡᠰ ᠴᠣᠭᠴᠠᠯᠠᠬᠤ ᠦᠢᠯᠡᠳᠦᠯᠭᠡ ᠶᠢᠨ ᠬᠡᠷᠡᠭᠯᠡᠯᠲᠡ ᠪᠠ ᠰᠢᠨ᠎ᠡ ᠶᠢ ᠡᠭᠦᠳᠬᠦ ᠴᠢᠳᠠᠪᠤᠷᠢ  ᠶᠢ ᠳᠡᠭᠡᠭᠰᠢᠯᠡᠬᠦᠯᠵᠡᠢ᠃       ᠪᠣᠯᠪᠠᠰᠤᠷᠠᠯ ᠤᠨ ᠳᠠᠷᠠᠭ᠎ᠠ ᠠᠳᠠᠯ ᠦᠢᠯᠡᠰ ᠴᠣᠭᠴᠠᠯᠠᠬᠤ ᠬᠦᠰᠡᠯ ᠲᠠᠢ ᠰᠤᠷᠤᠭᠴᠢᠳ᠂ ᠠᠵᠢᠯ ᠠᠯᠳᠠᠭᠰᠠᠳ᠂ ᠬᠥᠳᠡᠭᠡ ᠲᠣᠰᠬᠤᠨ ᠤ ᠰᠢᠯᠵᠢᠭᠰᠡᠨ ᠬᠥᠳᠡᠯᠮᠦᠷᠢ ᠬᠦᠴᠦᠨ ᠵᠡᠷᠭᠡ ᠭᠤᠤᠯᠳᠠᠯᠭ᠎ᠠ ᠲᠠᠢ ᠬᠥᠮᠦᠰ  ᠢ ᠬᠠᠪᠰᠤᠷᠴᠤ᠂ ᠠᠳᠠᠯ ᠦᠢᠯᠡᠰ  ᠴᠣᠭᠴᠠᠯᠠᠵᠤ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠬᠦ ᠲᠠᠯ᠎ᠠ ᠳᠤ ᠵᠢᠯᠤᠭᠤᠳᠤᠯᠭ᠎ᠠ ᠬᠢᠭᠰᠡᠨ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ